ᠮᠡᠨ ᠤ ᠨᠠᠢᠮᠠᠨ ᠬᠤᠰᠢᠭᠤ ᠶᠠᠨ ᠱᠠᠨ ᠠᠭᠤᠯᠠᠨ ᠤ ᠬᠤᠷᠮᠤᠢ ᠳ᠋ᠡᠬᠢ ᠨᠢᠷᠤᠭᠤ ᠠᠭᠤᠯᠠᠨ ᠤ ᠠᠷᠤ ᠲᠠᠯ᠎ᠠ ᠂ ᠯᠤᠤᠬ᠎ᠠ ᠶ᠋ᠢᠨ ᠭᠤᠤᠯ ᠂ ᠪᠠᠷᠠᠭᠤᠨ ᠯᠢᠶᠦᠦ ᠾᠸ ᠭᠤᠤᠯ ᠤᠨ ᠡᠮᠤᠨ᠎ᠡ ᠡᠷᠬᠢ ᠪᠡᠷ ᠂ ᠬᠤᠷᠴᠢᠨ ᠤ ᠡᠯᠡᠰᠤᠷᠭᠡᠭ ᠭᠠᠵᠠᠷ ᠤᠨ ᠭᠡᠪᠡᠯᠢ ᠳ᠋ᠤ ᠪᠠᠶᠢᠷᠢᠯᠠᠵᠤ ᠂ ᠲᠤᠮᠳᠠᠳᠤ ᠤᠯᠤᠰ ᠤᠨ ᠤᠮᠠᠷᠠᠳᠤ ᠭᠡᠰᠡᠭ ᠬᠢᠭᠡᠳ ᠵᠡᠭᠦᠨ ᠬᠤᠶᠢᠳᠤ ᠤᠷᠤᠨ ᠤ ᠵᠠᠯᠭᠠᠯᠳᠤᠭᠰᠠᠨ ᠭᠠᠵᠠᠷ ᠤᠨ ᠪᠦᠰᠡ ᠳ᠋ᠤ ᠤᠷᠤᠰᠢᠵᠤ ᠪᠠᠶᠢᠳᠠᠭ ᠃
ᠮᠡᠨ ᠤ ᠨᠠᠢᠮᠠᠨ ᠬᠤᠰᠢᠭᠤ ᠪᠤᠯ ᠨᠢᠭᠡᠨ ᠲᠡᠦᠭᠡᠳᠦ ᠭᠠᠵᠠᠷ ᠤᠷᠤᠨ ᠮᠦᠨ ᠃ ᠮᠡᠨ ᠤ ᠬᠤᠰᠢᠭᠤᠨ ᠤ ᠰᠤᠶᠤᠯ ᠤᠨ ᠠᠭᠤᠯᠤᠭᠳᠠᠴᠠ ᠭᠦᠨ ᠵᠤᠵᠠᠭᠠᠨ ᠶᠤᠮ ᠂ ᠲᠡᠯᠭᠡᠷᠡᠩᠬᠦᠢ ᠤᠳᠬ᠎ᠠ ᠲᠡᠭᠡᠷᠡᠬᠢ ᠤᠯᠠᠭᠠᠨᠬᠠᠳᠠ ᠶ᠋ᠢᠨ ᠰᠤᠶᠤᠯ ᠤᠨ ᠴᠢᠬᠤᠯᠠ ᠡᠭᠦᠰᠦᠯ ᠤᠨ ᠭᠠᠵᠠᠷ ᠤᠨ ᠨᠢᠭᠡ ᠮᠦᠨ ᠂ ᠮᠡᠨ ᠤ ᠬᠤᠰᠢᠭᠤᠨ ᠤ ᠲᠦᠴᠸᠩᠽᠢ ᠰᠢᠶᠠᠩ ᠤᠨ ᠵᠠᠰᠠᠭ ᠤᠨ ᠤᠷᠳᠤᠨ ᠤ ᠪᠠᠷᠠᠭᠤᠨ ᠡᠮᠤᠨᠡᠰᠢ 4 ᠺᠢᠯᠦᠮᠸᠲ᠋ᠷ ᠭᠠᠵᠠᠷ ᠲᠤ ᠢᠯᠡᠷᠡᠭᠦᠯᠦᠭᠰᠡᠨ ᠰᠢᠩ ᠯᠦᠩ ᠸᠠ ᠬᠤᠳᠤᠭᠤᠷ ᠰᠤᠶᠤᠯ ᠤᠨ ᠦᠯᠡᠳᠡᠭᠳᠡᠯ ᠢ ᠨᠠᠢᠮᠠᠨ ᠮᠢᠩᠭᠠᠨ ᠵᠢᠯ ᠤᠨ 《 ᠭᠦᠮᠦᠨ ᠲᠦᠷᠦᠯᠬᠢᠳᠡᠨ ᠤ ᠪᠤᠯᠪᠠᠰᠤᠨ ᠤ ᠦᠷ ᠤᠨ ᠲᠤᠶᠠᠭ᠎ᠠ 》 ᠭᠡᠵᠤ ᠨᠡᠷᠡᠯᠡᠳᠡᠭ ᠃ ᠬᠤᠰᠢᠭᠤᠨ ᠤ ᠤᠯᠠᠨ ᠭᠠᠵᠠᠷ ᠲᠤ ᠤᠯᠠᠭᠠᠨᠬᠠᠳᠠ ᠶ᠋ᠢᠨ ᠰᠤᠶᠤᠯ ᠂ ᠰᠢᠶᠠ ᠵᠢᠶᠠ ᠳ᠋ᠢᠶᠠᠨ ᠤ ᠲᠤᠤᠷᠠᠳᠤ ᠲᠠᠪᠬᠤᠷᠭ᠎ᠠ ᠂ ᠲᠡᠭᠡᠳᠦ ᠲᠠᠪᠬᠤᠷᠭ᠎ᠠ ᠶ᠋ᠢᠨ ᠰᠤᠶᠤᠯ ᠤᠨ ᠦᠯᠡᠳᠡᠭᠳᠡᠯ [ ᠨᠠᠷᠢᠨ ᠠᠭᠤᠯᠭ᠎ᠠ ]