ᠣᠢᠠᠳᠤᠰᠤᠨ ᠨᠤᠳᠤᠭ ᠪᠠᠯᠴᠢᠭᠡᠷ ᠢ ᠬᠠᠮᠠᠭᠠᠯᠠᠬᠤ ᠳᠤᠢᠷᠢᠮ

ᠣᠩᠰᠢᠭᠰᠠᠨ ᠤᠳᠠᠭ᠎ᠠ ᠄ 13848     ᠨᠡᠶᠢᠳᠡᠯᠡᠭᠰᠡᠨ ᠴᠠᠭ ᠄ 2016/4/30 16:41:24
    

     ᠨᠤᠳᠤᠭ ᠪᠠᠯᠴᠢᠭᠡᠷ
   ᠨᠢᠭᠡᠳᠦᠭᠡᠷ  ᠪᠦᠯᠦᠭ ᠶ‍ᠡᠷᠦᠩᠭᠡᠢ ᠳᠤᠢᠷᠢᠮ ᠨᠢᠭᠡᠳᠦᠭᠡᠷ ᠵᠦᠢᠯ  ᠣᠢᠠᠳᠤᠰᠤᠨ ᠨᠤᠳᠤᠭ ᠪᠠᠯᠴᠢᠭᠡᠷ ᠲᠤ ᠣᠠᠴᠠᠭᠠᠢ ᠬᠠᠮᠠᠭᠠᠯᠠᠯᠳᠠ ᠭᠢᠵᠤ ᠨᠤᠳᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ  ᠪᠠᠶᠢᠭᠤᠯᠤᠯᠲᠠ ᠪᠠᠨ ᠴᠢᠩᠭᠠᠳᠬᠠᠨ ᠂ ᠠᠵᠤ ᠠᠬᠤᠢ ᠪᠠ  ᠨᠡᠶᠢᠭᠡᠮ  ᠤᠨ ᠥᠷᠭᠦᠯᠵᠢᠯᠡᠨ ᠭᠦᠭ᠍ᠵᠢᠭᠦ ᠶᠢ ᠠᠭᠢᠭᠤᠯᠬᠤ ᠶᠢᠨ ᠳᠦᠯᠦᠭᠡ 《 ᠪᠦᠭᠦᠳᠡ  ᠨᠠᠶᠢᠷᠠᠮᠳᠠᠬᠤ ᠳᠤᠮᠳᠠᠳᠤ ᠠᠷᠠᠤᠨ ᠣᠯᠤᠰ ᠤᠨ ᠨᠤᠳᠤᠭ ᠪᠠᠯᠴᠢᠭᠡᠷ ᠤᠨ ᠬᠠᠤᠯᠢ 》 ᠪᠠ ᠣᠯᠤᠰ ᠤᠨ ᠬᠤᠯᠪᠣᠭᠳᠠᠯ ᠪᠦᠭᠦᠢ ᠬᠠᠤᠯᠢ ᠴᠠᠭᠠᠵᠠ ᠂ ᠳᠤᠢᠷᠢᠮ ᠳᠤᠭᠳᠠᠭᠠᠯ ᠶᠢ ᠣᠢᠠᠳᠤᠰᠤᠯᠠᠵᠤ ᠂ ᠥᠪᠠᠷᠳᠡᠭᠡᠨ ᠵᠠᠰᠠᠬᠤ ᠣᠷᠤᠨ ᠤ ᠪᠣᠳᠠᠳᠠᠢ  ᠪᠠᠶᠢᠳᠡᠯ ᠲᠡᠶ ᠣᠶ‍ᠠᠯᠳᠤᠭᠤᠯᠤᠨ ᠳᠤᠰ ᠳᠤᠢᠷᠢᠮ ᠢ ᠳᠤᠭᠳᠠᠭᠠᠪᠠ ᠃

ᠬᠤᠶ‍ᠠᠳᠤᠭᠠᠷ  ᠵᠦᠢᠯ ᠳᠤᠰ ᠳᠤᠢᠷᠢᠮ ᠳᠤ ᠶ‍ᠠᠷᠢᠵᠤ ᠪᠠᠶᠢᠭ᠎ᠠ ᠣᠢᠠᠳᠤᠰᠤᠨ ᠨᠤᠳᠤᠭ ᠪᠠᠯᠴᠢᠭᠡᠷ  ᠭᠡᠳᠡᠭ  ᠨᠢ ᠬᠠᠤᠯᠢ ᠶ‍ᠤᠰᠤᠭᠠᠷ ᠣᠠᠴᠠᠭᠠᠢ ᠬᠠᠮᠠᠭᠠᠯᠠᠯᠳᠠ ᠭᠢᠭᠦ ᠪᠠᠷ ᠳᠤᠭᠳᠠᠭᠰᠠᠨ ᠨᠤᠳᠤᠭ ᠪᠠᠯᠴᠢᠭᠡᠷ ᠤᠨ ᠠᠮᠢ ᠠᠬᠤᠢ ᠶᠢᠨ ᠴᠢᠳᠠᠪᠭᠢ ᠪᠠ ᠮᠠᠯ ᠠᠵᠤ ᠠᠬᠤᠢ ᠶᠢᠨ  ᠦᠢᠯᠡᠳᠪᠤᠷᠢᠯᠡᠯ ᠳᠤ ᠳᠤᠭᠢᠷᠠᠬᠤ ᠪᠠᠢ᠌ᠭᠠᠯᠢ ᠶᠢᠨ ᠨᠤᠳᠤᠭ ᠪᠠᠯᠴᠢᠭᠡᠷ ᠪᠠ ᠭᠦᠮᠤᠨ ᠤ ᠭᠦᠴᠤ ᠪᠠᠷ ᠳᠠᠷᠢᠭᠰᠠᠨ ᠪᠠᠯᠴᠢᠭᠡᠷ ᠢ ᠵᠢᠭᠠᠨ᠎ᠠ ᠃

ᠭᠤᠷᠪᠠᠳᠤᠭᠠᠷ ᠵᠦᠢᠯ ᠥᠪᠠᠷᠳᠡᠭᠡᠨ ᠵᠠᠰᠠᠬᠤ ᠣᠷᠤᠨ ᠤ ᠵᠠᠰᠠᠭ ᠵᠠᠭᠢᠷᠭᠠᠨ ᠤ ᠬᠠᠷᠢᠶ‍ᠠᠨ ᠳᠤ ᠣᠢᠠᠳᠤᠰᠤᠨ ᠨᠤᠳᠤᠭ ᠪᠠᠯᠴᠢᠭᠡᠷ ᠢ ᠳᠦᠯᠦᠪᠵᠢᠭᠦᠯᠭᠦ ᠂ ᠬᠤᠪᠢᠶ‍ᠠᠬᠤ ᠂ ᠬᠠᠮᠠᠭᠠᠯᠠᠬᠤ ᠂ ᠪᠦᠳᠦᠭᠡᠨ ᠪᠠᠢ᠌ᠭᠤᠯᠬᠤ ᠂ ᠠᠰᠢᠭᠯᠠᠬᠤ ᠪᠠ ᠬᠠᠮᠢᠶ‍ᠠᠷᠬᠤ ᠳᠤ ᠳᠤᠰ ᠳᠤᠢᠷᠢᠮ ᠢ ᠭᠡᠷᠡᠭᠯᠡᠨ᠎ᠡ ᠃

ᠳᠦᠷᠪᠠᠳᠦᠭᠡᠷ ᠵᠦᠢᠯ ᠣᠢᠠᠳᠤᠰᠤᠨ ᠨᠤᠳᠤᠭ ᠪᠠᠯᠴᠢᠭᠡᠷ ᠢ ᠬᠠᠮᠭᠠᠯᠠᠬᠤ ᠳᠤ ᠰᠢᠡᠵᠢᠯᠡᠭᠦ ᠣᠬᠠᠭᠠᠠᠴᠢ ᠪᠠᠷ ᠳᠦᠯᠦᠪᠵᠢᠭᠦᠯᠵᠤ ᠂ ᠬᠠᠮᠭᠠᠯᠠᠬᠤ ᠶᠢ ᠴᠢᠬᠤᠯᠠᠴᠢᠯᠠᠵᠤ ᠂ ᠪᠦᠳᠦᠭᠡᠨ ᠪᠠᠢ᠌ᠭᠤᠯᠤᠯᠳᠠ ᠪᠠᠷ ᠭᠤᠤᠯᠳᠠᠭᠤᠯᠤᠨ ᠂ ᠵᠤᠢᠢ ᠵᠤᠭᠢᠰᠳᠠᠢ ᠠᠰᠢᠭᠯᠠᠵᠤ ᠂  ᠴᠢᠩᠭ᠎ᠠ ᠨᠢᠮᠪᠠᠢ ᠬᠠᠮᠢᠶ‍ᠠᠷᠬᠤ ᠵᠠᠷᠴᠢᠮ ᠢ ᠪᠠᠷᠢᠮᠳᠠᠯᠠᠬᠤ ᠭᠡᠷᠡᠭ᠍ᠳᠡᠢ ᠃

ᠳᠠᠪᠣᠳᠤᠭᠠᠷ  ᠵᠦᠢᠯ ᠬᠤᠰᠢᠭᠤ ᠰᠢᠶ‍ᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠣᠢᠠᠳᠤᠰᠤᠨ ᠨᠤᠳᠤᠭ ᠪᠠᠯᠴᠢᠭᠡᠷ ᠢ ᠬᠠᠮᠭᠠᠯᠠᠬᠤ ᠢ ᠣᠯᠤᠰ ᠠᠷᠠᠤᠨ ᠤᠨ ᠠᠵᠤ ᠠᠬᠤᠢ ᠪᠠ  ᠨᠡᠶᠢᠭᠡᠮ ᠤᠨ ᠭᠦᠭ᠍ᠵᠢᠯᠳᠡ ᠶᠢᠨ ᠳᠦᠯᠦᠪᠵᠢᠭᠦᠯᠭᠡ ᠳᠡᠭᠡᠨ ᠣᠷᠤᠭᠤᠯᠤᠨ ᠂ ᠣᠢᠠᠳᠤᠰᠤᠨ ᠨᠤᠳᠤᠭ ᠪᠠᠯᠴᠢᠭᠡᠷ ᠢ ᠬᠠᠮᠠᠭᠠᠯᠠᠬᠤ ᠠᠵᠢᠯ ᠳᠤ ᠭᠡᠷᠡᠭ᠍ᠰᠡᠭᠦ ᠵᠠᠷᠤᠳᠠᠯ ᠰᠥᠢᠦᠡᠭᠡᠯ ᠢ ᠪᠠᠳᠤᠯᠠᠬᠤ ᠭᠡᠷᠡᠭ᠍ᠳᠡᠢ ᠃

ᠵᠢᠷᠭᠤᠳᠤᠭᠠᠷ  ᠵᠦᠢᠯ  ᠬᠤᠰᠢᠭᠤ ᠰᠢᠶ‍ᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠤ ᠨᠤᠳᠤᠭ ᠪᠠᠯᠴᠢᠭᠡᠷ ᠤᠨ ᠵᠠᠰᠠᠭ ᠵᠠᠭᠢᠷᠭᠠᠨ ᠤ ᠭᠤᠤᠯᠯᠠᠨ ᠬᠠᠮᠢᠶ‍ᠠᠷᠬᠤ ᠰᠠᠯᠠᠭ᠎ᠠ ᠮᠤᠢᠴᠢᠷ ᠳᠤᠰ ᠵᠠᠰᠠᠭ ᠵᠠᠭᠢᠷᠭᠠᠨ ᠤ ᠬᠠᠷᠢᠶ‍ᠠᠨ ᠳ᠋ᠠᠭᠢ ᠣᠢᠠᠳᠤᠰᠤᠨ ᠨᠤᠳᠤᠭ ᠪᠠᠯᠴᠢᠭᠡᠷ ᠢ ᠬᠠᠮᠭᠠᠯᠠᠵᠤ ᠭᠢᠨᠠᠨ ᠬᠠᠮᠢᠶ‍ᠠᠷᠬᠤ ᠠᠵᠢᠯ ᠢ ᠭᠤᠤᠯᠯᠠᠨ ᠬᠠᠮᠢᠶ‍ᠠᠷᠤᠨ᠎ᠠ ᠃ ᠬᠤᠰᠢᠭᠤ ᠰᠢᠶ‍ᠠᠨ ᠤ ᠱᠠᠳᠤᠨ ᠡᠴᠡ ᠳᠡᠭᠡᠭ᠍ᠰᠢᠭᠢ ᠨᠤᠳᠤᠭ ᠪᠠᠯᠴᠢᠭᠡᠷ ᠤᠨ ᠵᠠᠰᠠᠭ ᠵᠠᠭᠢᠷᠭᠠᠨ ᠤ ᠭᠤᠤᠯᠯᠠᠨ ᠬᠠᠮᠢᠶ‍ᠠᠷᠬᠤ ᠰᠠᠯᠠᠭ᠎ᠠ ᠮᠤᠢᠴᠢᠷ ᠤᠨ ᠨᠤᠳᠤᠭ ᠪᠠᠯᠴᠢᠭᠡᠷ ᠢ ᠭᠢᠨᠠᠨ ᠬᠠᠮᠢᠶ‍ᠠᠷᠬᠤ ᠪᠠᠢ᠌ᠭᠤᠯᠤᠮᠵᠢ ᠳᠤᠰ ᠵᠠᠰᠠᠭ ᠵᠠᠭᠢᠷᠭᠠᠨ ᠤ ᠬᠠᠷᠢᠶ‍ᠠᠨ ᠳ᠋ᠠᠭᠢ ᠣᠢᠠᠳᠤᠰᠤᠨ ᠨᠤᠳᠤᠭ ᠪᠠᠯᠴᠢᠭᠡᠷ ᠢ ᠭᠢᠨᠠᠨ ᠬᠠᠮᠢᠶ‍ᠠᠷᠬᠤ ᠪᠣᠳᠠᠳᠠᠢ ᠠᠵᠢᠯ ᠢ ᠬᠠᠷᠢᠭᠤᠴᠠᠨ᠎ᠠ ᠃ ᠰᠤᠮᠤ ᠰᠢᠶ‍ᠠᠩ ᠪᠠᠯᠭᠠᠰᠤᠨ ᠤ ᠠᠷᠠᠤᠨ ᠤᠨ ᠵᠠᠰᠠᠭ ᠤᠨ ᠣᠷᠳᠤᠨ ᠳᠤᠰ ᠵᠠᠰᠠᠭ ᠵᠠᠭᠢᠷᠭᠠᠨ ᠤ ᠬᠠᠷᠢᠶ‍ᠠᠨ ᠳ᠋ᠠᠭᠢ ᠣᠢᠠᠳᠤᠰᠤᠨ ᠨᠤᠳᠤᠭ ᠪᠠᠯᠴᠢᠭᠡᠷ ᠢ ᠬᠠᠮᠠᠯᠭᠠᠬᠤ ᠶᠢ ᠭᠢᠨᠠᠯᠳᠠ ᠳᠠᠯᠪᠢᠨ  ᠪᠠᠶᠢᠴᠠᠭᠠᠬᠤ ᠠᠵᠢᠯ ᠶᠢᠡᠨ   ᠴᠢᠩᠭᠠᠳᠬᠠᠬᠤ ᠭᠡᠷᠡᠭ᠍ᠳᠡᠢ ᠃

ᠳᠤᠯᠤᠳᠤᠭᠠᠷ ᠵᠦᠢᠯ ᠶ‍ᠠᠮᠠᠷᠪᠠ ᠨᠢᠭᠡᠴᠡ ᠪᠠ ᠬᠤᠪᠢ ᠭᠦᠮᠤᠨ ᠪᠦᠷ ᠣᠢᠠᠳᠤᠰᠤᠨ ᠨᠤᠳᠤᠭ ᠪᠠᠯᠴᠢᠭᠡᠷ ᠢ ᠬᠠᠮᠭᠠᠯᠠᠬᠤ ᠡᠭᠦᠷᠭᠡ ᠲᠡᠶ ᠂ ᠣᠢᠠᠳᠤᠰᠤᠨ ᠨᠤᠳᠤᠭ ᠪᠠᠯᠴᠢᠭᠡᠷ ᠢ ᠬᠠᠮᠭᠠᠯᠠᠬᠤ ᠪᠠᠷ  ᠨᠡᠶᠢᠭᠡᠮ ᠡᠴᠡ ᠭᠢᠨᠠᠯᠳᠠ ᠳᠠᠯᠪᠢᠬᠤ ᠳᠤ ᠣᠷᠤᠯᠴᠠᠬᠤ ᠡᠷᠭᠡ ᠲᠡᠶ ᠪᠦᠭᠡᠤᠨ ᠣᠢᠠᠳᠤᠰᠤᠨ ᠨᠤᠳᠤᠭ ᠪᠠᠯᠴᠢᠭᠡᠷ ᠢ ᠡᠪᠳᠡᠭ᠍ᠰᠡᠨ ᠬᠠᠤᠯᠢ ᠪᠣᠰᠤ ᠠᠵᠢᠯᠯᠠᠭ᠎ᠠ ᠢ ᠢᠯᠠᠴᠢᠯᠠᠨ ᠵᠠᠭᠠᠯᠳᠤᠬᠤ ᠡᠷᠭᠡ ᠲᠡᠶ ᠃

ᠨᠠᠢᠮᠠᠳᠤᠭᠠᠷ  ᠵᠦᠢᠯ ᠬᠤᠰᠢᠭᠤ ᠰᠢᠶ‍ᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠪᠠᠯᠠ ᠮᠥᠩᠭᠦᠨ ᠤ ᠨᠥᠭᠦᠪᠦᠷᠢ ᠂ ᠮᠡᠷᠭᠡᠵᠢᠯ ᠤᠨ ᠳᠡᠮᠵᠢᠯᠭᠡ ᠵᠡᠷᠭᠡ ᠠᠷᠭ᠎ᠠ ᠪᠠᠷ ᠣᠢᠠᠳᠤᠰᠤᠨ ᠨᠤᠳᠤᠭ ᠪᠠᠯᠴᠢᠭᠡᠷ ᠤᠨ ᠠᠮᠢ ᠠᠬᠤᠢ ᠶᠢ ᠨᠥᠭᠦᠪᠦᠷᠢᠯᠡᠭᠦ ᠣᠷᠳᠤ ᠬᠤᠭᠤᠴᠠᠭᠠᠨ ᠤ ᠪᠦᠳᠦᠮᠵᠢᠳᠡᠢ ᠳᠤᠭᠳᠠᠴᠠ ᠪᠠ ᠣᠯᠠᠨ ᠠᠷᠭ᠎ᠠ ᠵᠠᠮ ᠶᠢᠡᠷ ᠣᠢᠠᠳᠤᠰᠤᠨ ᠨᠤᠳᠤᠭ ᠪᠠᠯᠴᠢᠭᠡᠷ ᠤᠨ ᠪᠦᠳᠦᠭᠡᠨ ᠪᠠᠢ᠌ᠭᠤᠯᠤᠯᠳᠠ ᠶᠢᠨ ᠪᠠᠯᠠ ᠣᠷᠤᠭᠤᠯᠤᠯᠳᠠ ᠶᠢ ᠨᠡᠮᠡᠭ᠍ᠳᠡᠭᠦᠯᠭᠦ ᠳᠤᠭᠳᠠᠴᠠ ᠪᠠᠢ᠌ᠭᠤᠯᠬᠤ ᠭᠡᠷᠡᠭ᠍ᠳᠡᠢ ᠃

ᠶ‍ᠢᠰᠦᠳᠦᠭᠡᠷ ᠵᠦᠢᠯ  ᠬᠤᠰᠢᠭᠤ ᠰᠢᠶ‍ᠠᠨ ᠤ ᠱᠠᠳᠤᠨ ᠡᠴᠡ ᠳᠡᠭᠡᠭ᠍ᠰᠢᠭᠢ ᠠᠷᠠᠤᠨ ᠤᠨ ᠵᠠᠰᠠᠭ ᠤᠨ ᠣᠷᠳᠤᠨ ᠣᠢᠠᠳᠤᠰᠤᠨ ᠨᠤᠳᠤᠭ ᠪᠠᠯᠴᠢᠭᠡᠷ ᠢ ᠬᠠᠮᠠᠭᠠᠯᠠᠬᠤ ᠠᠵᠢᠯ ᠳᠤ ᠲᠤᠪᠤᠶᠢᠮ᠎ᠠ ᠠᠮᠵᠢᠯᠳᠠ ᠭᠠᠷᠭᠠᠭᠰᠠᠨ ᠨᠢᠭᠡᠴᠡ ᠪᠠ ᠬᠤᠪᠢ ᠭᠦᠮᠤᠨ ᠢ ᠭᠦᠭᠢᠭᠦᠯᠤᠨ ᠱᠠᠩᠨᠠᠬᠤ ᠭᠡᠷᠡᠭ᠍ᠳᠡᠢ ᠃

ᠡᠮᠦᠨᠡᠬᠢ ᠨᠢᠭᠡ ᠵᠤᠷᠪᠤᠰ ᠄
    ᠦᠭᠡᠢ
ᠬᠣᠶᠢᠨᠠᠬᠢ ᠨᠢᠭᠡ ᠵᠤᠷᠪᠤᠰ ᠄
    《 ᠭᠠᠵᠠᠷ ᠰᠢ᠍ᠷᠤᠢ ᠶᠢᠨ ᠬᠠᠮᠠᠭᠠᠯᠠᠯᠳ᠋ᠠ ᠶᠢᠨ ᠬᠠᠥᠯᠢ 》 ᠳ᠋ᠥ ᠳᠤᠬᠢᠷᠠᠭᠰᠠᠨ ᠲᠦ᠋ᠷᠢ᠍ᠮ ᠳᠤᠭᠳ᠋ᠠᠭᠠᠯ ( ᠨᠢ᠍ᠬᠡ )
ᠢᠷᠡᠯᠳᠡ᠄ ᠨᠠ‍ᠢᠮᠠᠨ ᠬᠣᠰᠢᠭᠤᠨ ‍ᠦ ᠵᠠᠰᠠᠭ ᠤᠨ ᠣᠷᠳᠣᠨ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ