ᠨᠠᠢᠮᠠᠨ ᠬᠤᠰᠢᠭᠤᠨ ᠤ ᠳᠠᠭᠡᠭᠡᠪᠤᠷᠢ ᠶ᠋ᠢᠨ ᠬᠠᠮᠢᠶᠠᠷᠤᠯᠳᠠ  ᠶ᠋ᠢᠨ ᠭᠠᠵᠠᠷ  ᠠᠶᠠᠨᠴᠢᠳ ᠤᠨ ᠦᠷᠳᠡᠭᠡᠨ ᠦ ᠴᠠᠭᠠᠨ ᠰᠠᠷ᠎ᠠ ᠶ᠋ᠢᠨ ᠵᠦᠭᠡᠭᠡᠪᠤᠷᠢ ᠶ᠋ᠢᠨ ᠠᠮᠤᠷ ᠳᠦᠪᠰᠢᠨ ᠦ ᠪᠤᠭᠤᠮᠳᠠ ᠶ᠋ᠢ ᠴᠢᠩᠭ᠎ᠠ ᠠᠳᠬᠤᠵᠦ ᠪᠤᠢ

ᠣᠩᠰᠢᠭᠰᠠᠨ ᠤᠳᠠᠭ᠎ᠠ ᠄ 10365     ᠨᠡᠶᠢᠳᠡᠯᠡᠭᠰᠡᠨ ᠴᠠᠭ ᠄ 2017/2/9 10:00:02


      ᠴᠠᠭᠠᠨ ᠰᠠᠷ᠎ᠠ ᠶ᠋ᠢᠨ ᠵᠦᠭᠡᠭᠡᠪᠤᠷᠢ ᠶ᠋ᠢᠨ ᠬᠤᠭᠤᠴᠠᠭᠠᠨ ᠳ᠋ᠦ ᠂ ᠪᠦᠬᠦ ᠬᠤᠰᠢᠭᠤᠨ ᠤ ᠵᠠᠮ ᠳᠡᠭᠡᠭᠡᠪᠤᠷᠢ ᠶ᠋ᠢᠨ ᠠᠮᠤᠷ ᠳᠦᠪᠰᠢᠨ ᠂ ᠳᠠᠰ ᠳᠠᠷᠠᠭᠠᠯᠠᠯ ᠢ ᠪᠠᠳᠤᠯᠠᠵᠦ ᠂ ᠤᠯᠠᠨ ᠳᠦᠮᠡᠨ ᠦ ᠭᠠᠳᠠᠭᠰᠢ ᠭᠠᠷᠬᠤ ᠪᠠ  ᠡᠳ᠋ ᠪᠤᠳᠠᠰ ᠤᠨ ᠵᠦᠭᠡᠭᠡᠪᠤᠷᠢᠯᠠᠯᠳᠠ ᠶ᠋ᠢᠨ ᠭᠡᠷᠡᠭᠴᠡᠭᠡ ᠶ᠋ᠢ ᠪᠠᠳᠤᠯᠠᠬᠤ ᠶ᠋ᠢᠨ ᠳᠦᠯᠦᠭᠡ ᠂ ᠨᠠᠢᠮᠠᠨ ᠬᠤᠰᠢᠭᠤᠨ ᠤ ᠳᠠᠭᠡᠭᠡᠪᠤᠷᠢ ᠶ᠋ᠢᠨ ᠬᠠᠮᠢᠶᠠᠷᠤᠯᠳᠠ  ᠶ᠋ᠢᠨ ᠭᠠᠵᠠᠷ  ᠴᠠᠭᠠᠨ ᠰᠠᠷ᠎ᠡ ᠶ᠋ᠢᠨ ᠵᠦᠭᠡᠭᠡᠪᠤᠷᠢ ᠶ᠋ᠢᠨ ᠪᠠᠶᠢᠴᠠᠭᠠᠯᠳᠠ ᠶ᠋ᠢᠨ ᠳᠤᠭᠤᠶᠢᠯᠠᠩ ᠢ 3 ᠪᠠᠶᠢᠭᠤᠯᠵᠦ ᠂  ᠳᠠᠴᠢᠨᠳᠠᠯ᠎ᠠ ᠪᠠᠯᠭᠠᠰᠤ ᠂ ᠪᠠᠶᠢᠰᠢᠩᠳᠤ ᠪᠠᠯᠭᠠᠰᠤ ᠂ ᠴᠢᠩ ᠯᠦᠩ ᠱᠠᠨ  ᠪᠠᠯᠭᠠᠰᠤᠨ ᠤ ᠠᠶᠠᠨᠴᠢᠳ ᠤᠨ ᠦᠷᠳᠡᠭᠡᠨ  ᠳ᠋ᠦ ᠪᠠᠭᠤᠯᠭᠠᠵᠦ ᠂ ᠠᠮᠤᠷ ᠳᠦᠪᠰᠢᠨ ᠤ ᠳᠠᠯᠳᠠ ᠠᠶᠤᠯ  ᠳ᠋ᠦ ᠱᠠᠭᠠᠷᠳᠠᠨ ᠪᠠᠶᠢᠴᠠᠭᠠᠯᠳᠠ ᠬᠢᠵᠠᠢ ᠃ ᠠᠶᠠᠨᠴᠢᠳ ᠤᠨ ᠦᠷᠳᠡᠭᠡᠨ  ᠤ ᠬᠢᠨᠠᠨ ᠬᠠᠮᠢᠷᠠᠷᠤᠯᠳᠠ ᠶ᠋ᠢ ᠴᠢᠩᠭᠠᠳᠬᠠᠵᠦ ᠂ ᠠᠶᠠᠨᠴᠢᠳ ᠤᠨ ᠦᠷᠳᠡᠭᠡᠨ ᠤ ᠠᠮᠤᠷ ᠳᠦᠪᠰᠢᠨ ᠦ ᠬᠠᠮᠢᠶᠠᠷᠤᠯᠳᠠ ᠶ᠋ᠢᠨ ᠠᠵᠢᠯ ᠢ ᠰᠠᠶᠢᠳᠤᠷ ᠬᠢᠬᠦ ᠶ᠋ᠢ ᠬᠢᠨᠠᠨ ᠬᠠᠮᠢᠶᠠᠷᠴᠤ ᠂ ᠠᠮᠤᠷ ᠳᠦᠪᠰᠢᠨ ᠤ ᠳᠠᠯᠳᠠ ᠠᠶᠤᠯ ᠢ ᠡᠬᠢᠨ  ᠳ᠋ᠦ ᠨᠢ  ᠠᠷᠢᠯᠭᠠᠬᠤ ᠶ᠋ᠢ ᠠᠩᠬᠠᠷᠴᠠᠢ ; ᠴᠠᠭᠠᠨ ᠰᠠᠷ᠎ᠠ ᠶ᠋ᠢᠨ ᠵᠦᠭᠡᠭᠡᠪᠤᠷᠢ ᠶ᠋ᠢᠨ ᠳᠠᠷᠭᠡ  ᠶ᠋ᠢᠨ ᠭᠠᠷ ᠬᠦᠢᠴᠡᠳᠬᠡᠯ ᠪᠦᠷᠢᠨ ᠡᠰᠡᠬᠦ ᠂  ᠳᠡᠷᠭᠡᠨ ᠮᠠᠷᠬᠡᠵᠢᠯ ᠤᠨ  ᠳᠠᠯ᠎ᠠ  ᠳ᠋ᠦ ᠬᠢᠷᠢ ᠳᠡᠩᠴᠡᠭᠰᠡᠨ ᠡᠰᠡᠬᠦ ᠂ ᠠᠵᠢᠯᠯᠠᠭᠰᠠᠳ ᠤᠨ ᠬᠢᠷᠢ ᠬᠡᠮ ᠵᠡᠷᠭᠡ ᠳᠠᠯ᠎ᠠ  ᠳ᠋ᠦ ᠪᠠᠶᠢᠴᠠᠭᠠᠯᠳᠠ ᠬᠢᠵᠡᠢ ;ᠪᠠᠶᠢᠴᠠᠭᠠᠬᠤ ᠠᠩᠬᠢ ᠵᠠᠮ ᠳᠠᠭᠤ ᠠᠶᠠᠨᠴᠢᠳ ᠤᠨ ᠳᠡᠷᠭᠡᠨ ‍ᠦ  ᠳᠠᠷᠭᠡᠨ ᠦᠨᠠᠮᠯᠠᠯ ᠪᠦᠷᠢᠨ ᠡᠰᠡᠬᠦ ᠂ ᠠᠶᠠᠨᠴᠢᠳ ᠠᠶᠣᠯᠬᠦᠢ ᠪᠦᠰᠡᠯᠡᠬᠦᠷ ᠢᠶ᠋ᠡᠨ ᠬᠡᠷᠡᠭᠯᠡᠵᠦ ᠪᠠᠶᠢᠬᠤ ᠡᠰᠡᠬᠦ ᠂  ᠠᠶᠠᠨᠴᠢᠳ ᠰᠠᠭᠤᠳᠠᠯ ᠤᠨ ᠲᠣᠭ᠎ᠠ ᠡᠴᠠ  ᠭᠡᠳᠦᠷᠡᠭᠰᠡᠨ ᠡᠰᠡᠬᠦ  ᠂ ᠳᠡᠷᠭᠡᠨ ᠳ᠋ᠡᠬᠢ ᠳᠤᠨᠤᠭ ᠳᠦᠬᠦᠭᠡᠷᠤᠮᠵᠢ ᠪᠦᠷᠢᠨ ᠡᠰᠡᠬᠦ ᠳ᠋ᠦ ᠪᠠᠶᠢᠴᠠᠭᠠᠯᠳᠠ ᠬᠢᠵᠦ ᠂ ᠴᠠᠭᠠᠨ ᠰᠠᠷ᠎ᠠ ᠶ᠋ᠢᠨ ᠵᠦᠭᠡᠭᠡᠪᠤᠷᠢ ᠶ᠋ᠢᠨ ᠬᠤᠭᠤᠴᠠᠭᠠᠨ ᠳ᠋ᠦ ᠠᠶᠠᠨᠴᠢᠳ ᠤᠨ ᠠᠮᠢ ᠨᠠᠰᠤ ᠡᠳ᠋ ᠬᠦᠷᠦᠩᠭᠡ ᠶ᠋ᠢᠨ ᠠᠮᠤᠷ ᠳᠦᠪᠰᠢᠨ ᠢ ᠪᠠᠳᠤᠯᠠᠭᠰᠠᠨ ᠪᠠᠶᠢᠨ᠎ᠠ ᠃  ( ᠪᠤᠤ ᠵᠢᠨ ᠯᠢᠶᠠᠨ ᠂ ᠳᠠᠯᠭᠡᠷᠮ᠎ᠠ ᠮᠠᠳᠠᠭᠡᠯᠡᠪᠠ )
ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ