ᠨᠠᠢᠮᠠᠨ ᠬᠤᠰᠢᠭᠤ ᠲᠠᠪᠤᠨ ᠬᠡᠪ ᠵᠠᠭᠪᠤᠷ ᠢᠶᠠᠷ ᠵᠤᠭᠠᠴᠠᠯ ᠤᠨ ᠠᠵᠤ ᠦᠢᠯᠡᠰᠵᠢᠯᠳᠡ  ᠶᠢ ᠠᠭᠤᠰᠤᠯᠴᠠᠭᠤᠯᠤᠨ ᠬᠦᠭᠵᠢᠭᠦᠯᠵᠦ ᠪᠠᠶᠢᠨ᠎ᠠ

ᠣᠩᠰᠢᠭᠰᠠᠨ ᠤᠳᠠᠭ᠎ᠠ ᠄ 3268     ᠨᠡᠶᠢᠳᠡᠯᠡᠭᠰᠡᠨ ᠴᠠᠭ ᠄ 2017/6/19 16:35:55

          ᠨᠠᠢᠮᠠᠨ ᠬᠤᠰᠢᠭᠤ ᠡᠭᠢ ᠪᠠᠶᠠᠯᠢᠭ ᠤᠨ ᠳᠠᠪᠠᠭᠤᠯᠢᠬ ᠲᠠᠭᠠᠨ ᠲᠦᠰᠢᠭᠯᠡᠵᠣ ᠵᠤᠭᠠᠴᠠᠯ ᠤᠨ ᠠᠵᠤ    ᠦᠢᠯᠡᠰᠵᠢᠯᠳᠡ ᠪᠤᠯᠤᠨ ᠬᠤᠯᠪᠤᠭᠳᠠᠯ ᠪᠦᠬᠦᠢ ᠠᠵᠤ ᠦᠢᠯᠡᠰᠵᠢᠯᠳᠡ ᠶ᠋ᠢ ᠣᠷᠭᠠᠨᠢᠭ ᠠᠭᠤᠰᠣᠯᠴᠠᠭᠤᠯᠣᠨ ᠬᠦᠭᠵᠢᠬᠦᠯᠬᠦ ᠶ᠋ᠢ ᠴᠢᠬᠤᠯᠠᠴᠢᠯᠠᠵᠤ ᠂ ᠪᠦᠬᠦ ᠤᠷᠤᠨ ᠪᠦᠰᠡ ᠶ᠋ᠢᠨ ᠵᠤᠭᠠᠴᠠᠯ ᠤᠨ ᠵᠢᠱᠢᠶ᠎ᠡ ᠦᠵᠡᠬᠦᠯᠬᠦ  ᠣᠷᠣᠨ ᠢ ᠢᠳᠡᠪᠬᠢᠲᠠᠢ ᠡᠬᠦᠳᠣᠨ ᠪᠠᠶᠢᠭᠤᠯᠵᠤ ᠂   ᠬᠦᠭᠵᠢᠯᠳᠡ ᠶ᠋ᠢᠨ ᠰᠢᠨ᠎ᠡ ᠬᠡᠪ ᠵᠠᠭᠪᠣᠷ ᠢ ᠲᠠᠰᠣᠷᠠᠯᠳᠠ ᠦᠬᠡᠢ  ᠬᠠᠶᠢᠨ ᠰᠦᠪᠡᠭᠴᠢᠯᠡᠵᠣ ᠂ ᠵᠤᠭᠠᠴᠠᠯ ᠤᠨ ᠠᠵᠣ ᠦᠢᠯᠡᠰ ᠤᠨ  ᠬᠦᠭᠵᠢᠯᠳᠡ ᠶ᠋ᠢ ᠠᠬᠢᠭᠤᠯᠵᠤ  ᠪᠠᠶᠢᠨ᠎ᠠ᠃        

      《 ᠵᠤᠭᠠᠴᠠᠯ + ᠰᠣᠶᠣᠯ 》 ᠤᠨ ᠬᠡᠪ ᠵᠠᠭᠪᠣᠷ ᠢ ᠪᠤᠢ ᠪᠤᠯᠭᠠᠵᠡᠢ ᠃ ᠬᠡᠳᠣᠨ ᠵᠢᠯ ᠤᠨ ᠲᠣᠷᠰᠢ ᠂ ᠨᠠᠢᠮᠠᠨ ᠬᠤᠰᠢᠭᠤ ᠰᠣᠶᠣᠯ  ᠵᠣᠭᠠᠴᠠᠯ ᠤᠨ ᠨᠡᠷᠡᠳᠣ ᠲᠡᠮᠳᠡᠭ ᠢ ᠢᠳᠡᠪᠬᠢᠲᠠᠢ ᠪᠤᠢ ᠪᠤᠯᠭᠠᠵᠤ ᠂ ᠨᠢᠬᠡ ᠪᠦᠯᠣᠭ᠌ ᠰᠣᠶᠣᠯ ᠵᠤᠭᠠᠴᠠᠯ ᠤᠨ ᠪᠡᠯᠡ ᠤᠷᠤᠭᠤᠯᠬᠤ ᠺᠣᠮᠫᠠᠨᠢ ᠶ᠋ᠢ ᠲᠠᠳᠠᠨ ᠠᠪᠴᠢᠷᠠᠭᠠᠳ ᠬᠠᠮᠳᠣᠷᠠᠨ ᠠᠵᠢᠯᠯᠠᠵᠤ ᠂ ᠦᠪᠤᠷ ᠮᠤᠩᠭᠤᠯ ᠤᠨ ᠵᠡᠬᠦᠨ ᠬᠡᠰᠡᠭ ᠤᠨ ᠺᠢᠨᠣ᠋ ᠲᠧᠯᠸᠢᠰ ᠤᠨ ᠬᠤᠳᠠ ᠶ᠋ᠢ ᠨᠠᠢᠮᠠᠨ ᠳ᠋ᠤ ᠰᠠᠭᠤᠷᠢᠰᠢᠭᠤᠯᠪᠠ ᠃ ᠡᠨᠡᠬᠦ ᠲᠦᠷᠣᠯ ᠵᠦᠢᠯ ᠨᠢ ᠠᠰᠢᠬᠯᠠᠯᠳᠠ ᠳ᠋ᠤ ᠣᠷᠣᠭᠰᠠᠨ ᠤ ᠲᠠᠷᠠᠭ᠎ᠠ ᠂ ᠵᠢᠯ ᠤᠨ ᠦᠷᠳᠡᠭ 6    ᠳ᠋ᠦᠡᠭᠰᠢᠭᠤᠷ ᠲᠦᠬᠦᠷᠢᠭ ᠲᠤ ᠬᠦᠷᠴᠣ ᠂ ᠲᠤᠬᠠᠢ ᠶ᠋ᠢᠨ ᠭᠠᠵᠠᠷ ᠤᠨ ᠣᠯᠠᠨ ᠲᠦᠮᠡᠨ ᠤ ᠠᠵᠢᠯ ᠣᠯᠭᠤᠯᠳᠠ ᠶ᠋ᠢ 2 ᠲᠦᠮᠡᠨ ᠬᠦᠮᠣᠨ ᠳ᠋ᠤ ᠬᠦᠷᠭᠡᠨ᠎ᠡ ᠃      

      《 ᠵᠤᠭᠠᠴᠠᠯ + ᠲᠠᠮᠢᠷ》 ᠤᠨ ᠬᠡᠪ ᠵᠠᠭᠪᠣᠷ ᠢ ᠪᠤᠢ ᠪᠤᠯᠭᠠᠪᠠ ᠃ 2012 ᠣᠨ ᠡᠴᠠ ᠡᠬᠢᠯᠡᠨ ᠶᠠᠪᠤᠭᠳᠠᠭᠤᠯᠤᠭᠰᠠᠨ ᠡᠯᠡᠰᠣᠨ ᠨᠠᠭᠠᠳᠣᠮ ᠂ ᠲᠡᠯᠡᠬᠡᠢ ᠶ᠋ᠢᠨ ᠬᠡᠬᠡᠷᠡᠯᠡᠬᠦ ᠪᠠᠭᠠᠳᠣᠷᠴᠣᠳ ᠤᠨ ᠴᠣᠭᠯᠠᠭᠠᠨ ᠨᠢ ᠨᠢᠬᠡᠨᠳᠡ ᠤᠷᠤᠨ ᠨᠤᠳᠤᠭ ᠰᠣᠶᠣᠯ ᠲᠠᠮᠢᠷ ᠤᠨ ᠠᠵᠣ  ᠦᠢᠯᠡᠰ ᠤᠨ ᠨᠡᠷᠡᠳᠣ ᠲᠡᠮᠳᠡᠭ ᠪᠤᠯᠵᠤ ᠪᠤᠢ ᠃ ᠵᠤᠭᠠᠴᠠᠯ ᠤᠨ ᠦᠢᠯᠡᠰ ᠪᠠ ᠲᠠᠮᠢᠷ ᠤᠨ ᠣᠷᠣᠯᠳᠣᠭᠠᠨ ᠤ ᠣᠶᠠᠯᠳᠣᠯ ᠨᠢ ᠢᠳᠡᠭᠡᠨ ᠣᠮᠳᠠᠭᠠᠨ ᠂ ᠬᠤᠨᠤᠵᠤ ᠬᠡᠪᠳᠡᠬᠦ ᠂ ᠰᠣᠯᠠ ᠪᠤᠷᠤᠯᠠᠭᠤᠯᠤᠯᠳᠠ ᠂ ᠵᠠᠮ ᠬᠠᠷᠢᠯᠴᠠᠭ᠎ᠠ ᠂ ᠵᠤᠭᠠᠴᠠᠯ ᠤᠨ ᠣᠨᠴᠠᠯᠢᠭᠳᠣ ᠲᠠᠸᠠᠷ ᠂ ᠲᠠᠷᠢᠶᠠᠴᠢᠨ ᠡᠷᠣᠭᠡ ᠶ᠋ᠢᠨ ᠵᠤᠴᠢᠯᠠᠯ ᠵᠡᠷᠭᠡ ᠠᠵᠢᠯ ᠦᠢᠯᠡᠰ ᠤᠨ ᠣᠷᠣᠯᠭ᠎ᠠ ᠶ᠋ᠢ ᠨᠡᠮᠡᠭᠳᠡᠬᠦᠯᠵᠣ ᠂ ᠪᠦᠬᠦ ᠬᠤᠰᠢᠭᠤᠨ ᠤ ᠠᠵᠣ ᠠᠬᠤᠢ ᠶ᠋ᠢᠨ ᠨᠡᠮᠡᠭᠳᠡᠯ ᠢ  1.2 ᠳ᠋ᠦᠡᠭᠰᠢᠭᠤᠷ ᠲᠦᠬᠦᠷᠢᠭ ᠡᠴᠠ ᠲᠡᠭᠡᠭᠰᠢ ᠳ᠋ᠤ ᠬᠦᠷᠬᠡᠪᠠ ᠃    

       《 ᠵᠤᠭᠠᠴᠠᠯ + ᠶᠠᠳᠠᠭᠤ ᠶ᠋ᠢ ᠲᠡᠳᠬᠦᠬᠦ 》 ᠬᠡᠪ ᠵᠠᠭᠪᠣᠷ ᠢ ᠪᠣᠢ ᠪᠣᠯᠭᠠᠵᠡᠢ ᠃ ᠨᠠᠢᠮᠠᠨ ᠬᠤᠰᠢᠭᠤ ᠶᠠᠳᠠᠭᠤ ᠶ᠋ᠢ ᠲᠡᠳᠬᠦᠵᠤ ᠨᠡᠭᠡᠭᠡᠯᠳᠡ ᠬᠢᠬᠦ ᠪᠠ ᠬᠦᠳᠡᠭᠡ ᠲᠣᠰᠬᠤᠨ ᠤ ᠵᠣᠭᠠᠴᠠᠯ ᠲᠠᠢ ᠣᠷᠭᠠᠨᠢᠭ ᠣᠶᠠᠯᠳᠣᠭᠤᠯᠣᠭᠰᠠᠨ ᠰᠢᠨ᠎ᠡ ᠬᠡᠯᠪᠡᠷᠢ ᠶ᠋ᠢ ᠢᠳᠡᠪᠬᠢᠲᠠᠢ ᠬᠠᠶᠢᠨ ᠰᠦᠪᠡᠭᠴᠢᠯᠡᠵᠣ ᠂ ᠵᠤᠭᠠᠴᠠᠯ ᠤᠨ ᠠᠵᠣ  ᠦᠢᠯᠡᠰ ᠢᠶᠠᠷ ᠮᠠᠯᠴᠢᠨ ᠲᠠᠷᠢᠶᠠᠴᠢᠳ ᠤᠨ ᠶᠠᠳᠠᠭᠤ ᠡᠴᠠ ᠠᠩᠬᠢᠵᠢᠷᠠᠵᠤ ᠪᠠᠶᠠᠵᠢᠨ ᠴᠢᠨᠡᠭᠡᠯᠢᠭᠵᠢᠬᠦ ᠶ᠋ᠢ  ᠳᠠᠶᠢᠴᠢᠯᠠᠵᠤ ᠪᠠᠶᠢᠨ᠎ᠠ ᠃       

       《 ᠵᠤᠭᠠᠴᠠᠯ + ᠲᠠᠷᠢᠶᠠᠯᠠᠩ》 ᠤᠨ ᠬᠡᠪ ᠵᠠᠭᠪᠣᠷ ᠢ ᠪᠣᠢ ᠪᠣᠯᠭᠠᠪᠠ ᠃ ᠲᠣᠰ ᠬᠤᠰᠢᠭᠤᠨ ᠤ ᠡᠯ᠎ᠡ ᠲᠦᠷᠣᠯ ᠤᠨ ᠣᠨᠴᠠᠯᠢᠭᠳᠣ  ᠲᠠᠷᠢᠶᠠᠯᠠᠩ ᠤᠨ ᠲᠠᠷᠢᠮᠠᠯ ᠤᠨ ᠰᠠᠭᠤᠷᠢᠨ ᠬᠡᠳᠣᠨ ᠵᠠᠭᠤᠨ ᠮᠦ  ᠪᠠᠶᠢᠵᠤ᠂ ᠨᠠᠶᠢᠮᠠᠨ ᠬᠤᠰᠢᠭᠤ ᠲᠠᠷᠢᠶᠠᠯᠠᠩ ᠤᠨ ᠰᠣᠶᠣᠯ ᠪᠠ ᠬᠦᠳᠡᠭᠡ  ᠲᠣᠰᠬᠤᠨ ᠤ ᠠᠮᠢᠳᠣᠷᠠᠯ ᠤᠨ ᠰᠣᠶᠣᠯ ᠢ ᠪᠣᠢ ᠪᠣᠯᠭᠠᠵᠣ ᠂ ᠠᠮᠢᠳᠣᠯᠢᠭ ᠪᠣᠳᠠᠳᠠᠢ ᠵᠤᠭᠠᠴᠠᠯ ᠤᠨ ᠰᠣᠳᠣᠨ ᠪᠦᠳᠣᠭᠡᠭᠳᠡᠬᠦᠨ ᠤ ᠱᠣᠭᠤᠮ ᠢ ᠲᠤᠭᠳᠠᠭᠠᠨ ᠂ ᠵᠤᠭᠠᠴᠠᠬᠰᠠᠳ ᠤᠨ ᠦᠵᠡᠨ ᠰᠣᠨᠢᠷᠬᠠᠬᠤ ᠂ ᠠᠮᠳᠠᠷᠬᠠᠬᠤ ᠂ ᠰᠡᠯᠡᠬᠦᠴᠡᠨ ᠵᠤᠭᠠᠴᠠᠬᠤ ᠂ ᠠᠮᠠᠷᠠᠨ ᠴᠡᠩᠭᠡᠬᠦ    ᠤᠷᠴᠢᠨ ᠲᠣᠭᠤᠷᠢᠨ ᠢ ᠪᠣᠢ ᠪᠤᠯᠭᠠᠨ ᠦᠭᠴᠣ ᠂ ᠨᠢᠬᠡ  ᠵᠦᠢᠯ ᠤᠨ ᠰᠢᠨ᠎ᠡ ᠭᠡᠯᠪᠡᠷᠢ ᠶ᠋ᠢᠨ ᠲᠠᠷᠢᠶᠠᠯᠠᠩ ᠪᠠ ᠵᠤᠭᠠᠴᠠᠯ ᠣᠶᠠᠯᠳᠣᠭᠰᠠᠨ ᠦᠢᠯᠡᠳᠪᠣᠷᠢᠯᠠᠯ ᠡᠵᠡᠩᠨᠡᠯᠳᠡ ᠶ᠋ᠢᠨ  ᠪᠠᠶᠢᠳᠠᠯ ᠢ ᠪᠦᠷᠢᠯᠳᠣᠬᠦᠯᠵᠡᠢ ᠃         

        《 ᠵᠤᠭᠠᠴᠠᠯ + ᠮᠣᠩᠭᠤᠯ ᠡᠮ ᠡᠮᠨᠡᠯᠭᠡ》 ᠶ᠋ᠢᠨ ᠬᠡᠪ ᠵᠠᠭᠪᠣᠷ ᠢ ᠪᠣᠢ ᠪᠣᠯᠭᠠᠵᠡᠢ ᠃ ᠨᠠᠢᠮᠠᠨ ᠬᠤᠰᠢᠭᠤ ᠷᠠᠰᠢᠶᠠᠨ ᠴᠢᠯᠠᠭᠤ ᠪᠠ ᠵᠠᠮᠪᠠᠯᠳᠣᠷᠵᠢ ᠶ᠋ᠢᠨ ᠮᠣᠩᠭᠤᠯ ᠡᠮ ᠡᠮᠨᠡᠯᠭᠡ ᠶ᠋ᠢᠨ ᠰᠣᠶᠣᠯ ᠢ ᠣᠯᠠᠮᠵᠢᠯᠠᠨ ᠵᠠᠯᠭᠠᠮᠵᠢᠯᠠᠬᠤ ᠳ᠋ᠤ ᠲᠦᠰᠢᠵᠤ ᠂ ᠮᠤᠩᠭᠤᠯ ᠬᠢᠳᠡᠳ ᠡᠮ ᠤᠨ  ᠮᠠᠲ᠋ᠧᠷᠢᠶᠠᠯ ᠤᠨ ᠲᠠᠷᠢᠮᠠᠯ ᠤᠨ ᠠᠵᠣ ᠦᠢᠯᠡᠰ ᠢ ᠦᠳᠳᠡᠷ ᠲᠦᠷᠭᠡᠨ ᠬᠦᠭᠵᠢᠬᠦᠯᠵᠤ ᠂ ᠮᠣᠩᠭᠤᠯ ᠬᠢᠳᠡᠳ ᠡᠮ ᠡᠮᠨᠡᠯᠭᠡ ᠪᠠ ᠵᠤᠭᠠᠴᠠᠯ ᠢ ᠬᠦᠨᠵᠠᠭᠡᠢ ᠠᠭᠤᠰᠬᠠᠨ ᠬᠦᠭᠵᠢᠬᠦᠯᠬᠦ ᠶ᠋ᠢ ᠠᠬᠢᠭᠤᠯᠪᠠ ᠃ ᠨᠢᠳᠣᠨᠣᠨ ᠵᠤᠭᠠᠴᠠᠯ ᠤᠨ ᠬᠦᠭᠵᠢᠯᠳᠡ ᠶ᠋ᠢᠨ ᠵᠦᠪᠯᠡᠯ  ᠪᠠᠶᠢᠭᠤᠯᠵᠤ  ᠂《 ᠡᠯᠡᠰᠣ ᠂ ᠴᠢᠯᠠᠭᠤ ᠂ ᠣᠰᠣ ᠂ ᠡᠮ 》 ᠵᠡᠷᠭᠡ ᠡᠷᠡᠬᠦᠯ ᠮᠡᠨᠳᠣ ᠶ᠋ᠢᠨ ᠵᠤᠭᠠᠴᠠᠯ ᠤᠨ ᠡᠬᠢ ᠪᠠᠶᠠᠯᠢᠭ ᠢ ᠨᠡᠭᠡᠭᠡᠵᠣ ᠂ 《 ᠲᠠᠷᠢᠶᠠᠴᠢᠨ  ᠠᠶᠢᠯ  ᠤᠨ ᠪᠠᠶᠠᠰᠣᠯ 》 ᠵᠡᠷᠭᠡ ᠵᠣᠭᠠᠴᠠᠯ ᠤᠨ ᠦᠢᠯᠡᠰ ᠤᠨ ᠰᠢᠨ᠎ᠡ ᠬᠡᠪ ᠵᠠᠬᠪᠤᠷ ᠢ ᠪᠣᠢ ᠪᠤᠯᠭᠠᠵᠤ ᠪᠠᠶᠢᠨ᠎ᠠ᠃( ᠮᠠ ᠪᠦᠬᠡ  ᠮᠡᠳᠡᠭᠡᠯᠡᠪᠡ)

 


ᠢᠷᠡᠯᠳᠡ᠄ ᠲᠥᠩᠯᠢᠶᠣᠣ ᠮᠣᠩᠭᠣᠯ ᠰᠦᠯᠵᠢᠶ᠎ᠡ ᠨᠠᠶᠢᠷᠠᠭᠤᠯᠤᠭᠴᠢ᠄ ᠯᠢ ᠬᠠᠰᠡᠷᠳᠡᠨᠢ

ᠬᠠᠮᠢᠶ᠎ᠡ ᠪᠦᠬᠦᠢ ᠰᠣᠨᠢᠨ