ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠦᠨ ᠳᠡᠳ᠋ ᠲᠢᠩᠬᠢᠮ ᠦᠨ ᠳᠠᠷᠤᠭ᠎ᠠ ᠰᠤᠶᠤᠯ ᠲᠦᠴᠸᠩᠽᠢ ᠰᠢᠶᠠᠩ ᠤᠨ ᠭᠠᠮᠰᠢᠭ ᠤᠨ ᠳᠠᠷᠠᠭᠠᠬᠢ ᠲᠡᠭᠰᠢᠯᠡᠯᠲᠡ ᠪᠠ ᠳᠠᠬᠢᠨ ᠪᠦᠲᠦᠭᠡᠨ ᠪᠠᠶᠢᠭᠤᠯᠤᠯᠲᠠ ᠶ᠋ᠢᠨ ᠠᠵᠢᠯ ᠳ᠋ᠤ ᠪᠠᠶᠢᠴᠠᠭᠠᠯᠲᠠ ᠬᠢᠪᠡ

ᠣᠩᠰᠢᠭᠰᠠᠨ ᠤᠳᠠᠭ᠎ᠠ ᠄ 9967     ᠨᠡᠶᠢᠳᠡᠯᠡᠭᠰᠡᠨ ᠴᠠᠭ ᠄ 2017/8/8 15:37:19

         


         8 ᠰᠠᠷ᠎ᠠ ᠶ᠋ᠢᠨ 6 ᠦ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠦᠨ ᠳᠡᠳ᠋ ᠲᠢᠩᠬᠢᠮ ᠦᠨ ᠳᠠᠷᠤᠭ᠎ᠠ ᠰᠤᠶᠤᠯ ᠂  ᠲᠥᠩᠯᠢᠶᠤᠤ ᠬᠣᠲᠠ ᠶ᠋ᠢᠨ ᠠᠷᠠᠳ ᠤᠨ ᠶᠠᠪᠤᠳᠠᠯ ᠤᠨ ᠲᠣᠪᠴᠢᠶ᠎ᠠ ᠶ᠋ᠢᠨ ᠳᠡᠳ᠋ ᠳᠠᠷᠤᠭ᠎ᠠ  ᠯᠢ  ᠱᠦ ᠰᠧᠨ ᠂ ᠨᠠᠢᠮᠠᠨ  ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶ᠋ᠢᠨ  ᠳᠠᠷᠤᠭ᠎ᠠ ᠶᠠᠨ ᠲᠢᠩ ᠭᠧ ᠵᠡᠷᠭᠡ ᠤᠳᠤᠷᠢᠳᠤᠯᠭ᠎ᠠ ᠨᠠᠷ ᠲᠦᠴᠸᠩᠽᠢ ᠰᠢᠶᠠᠩ ᠳ᠋ᠤ  ᠬᠦᠷᠴᠦ ᠂  ᠣᠰᠦᠨ ᠬᠤᠤᠳᠤᠭ ᠤᠨ ᠨᠤᠷᠠᠭᠰᠠᠨ ᠂  ᠡᠷᠦᠬᠡ ᠭᠡᠷ ᠡᠪᠳᠡᠭᠳᠡᠯ ᠂ ᠵᠠᠮ ᠬᠠᠷᠢᠯᠴᠠᠭ᠎ᠠ ᠶ᠋ᠢᠨ ᠡᠪᠳᠡᠭᠳᠡᠯ ᠂  ᠲᠠᠷᠢᠶ᠎ᠠ ᠲᠦᠮᠦᠰᠦ ᠤᠰᠤᠨ ᠳ᠋ᠤ ᠠᠪᠲᠠᠭᠳᠠᠭᠰᠠᠨ  ᠵᠡᠷᠭᠡ ᠭᠠᠮᠰᠢᠭᠳᠠᠭᠰᠠᠨ ᠭᠠᠵᠠᠷ ᠲᠤᠬᠠᠢ ᠶ᠋ᠢᠨ  ᠲᠡᠯᠡᠪᠡᠢ ᠳ᠋ᠦ ᠪᠠᠶᠢᠴᠠᠭᠠᠯᠲᠠ ᠬᠢᠵᠦ ᠂  ᠭᠠᠮᠰᠢᠭ ᠤᠨ ᠳᠠᠷᠠᠭᠠᠬᠢ ᠲᠡᠭᠰᠢᠯᠡᠯᠲᠡ ᠪᠠ ᠳᠠᠬᠢᠨ ᠪᠦᠲᠦᠭᠡᠨ ᠪᠠᠶᠢᠭᠤᠯᠬᠤ ᠲᠤᠬᠠᠢ  ᠲᠦᠴᠸᠩᠽᠢ ᠰᠢᠶᠠᠩ ᠤᠨ ᠨᠠᠮ ᠤᠨ ᠬᠣᠷᠢᠶᠠᠨ ᠤ ᠭᠣᠣᠯ ᠤᠳᠤᠷᠢᠳᠤᠯᠭ᠎ᠠ ᠤᠨ ᠠᠵᠢᠯ ᠤᠨ ᠲᠣᠪᠴᠢ ᠬᠠᠷᠢᠭᠤ ᠮᠡᠳᠡᠭᠦᠯᠦᠯᠲᠡ  ᠶ᠋ᠢ ᠰᠣᠨᠤᠰᠤᠭᠰᠠᠨ  ᠪᠠᠶᠢᠨ᠎ᠠ ᠃

       ᠬᠤᠰᠢᠭᠤᠨ ᠳᠠᠷᠤᠭ᠎ᠠ ᠪᠦᠷᠢᠨ ᠪᠣᠯᠣᠨ ᠲᠦᠴᠸᠩᠽᠢ ᠰᠢᠶᠠᠩ ᠤᠨ ᠨᠠᠮ ᠤᠨ ᠬᠣᠷᠢᠶ᠎ᠠ ᠶ᠋ᠢᠨ ᠭᠣᠣᠯ ᠤᠳᠤᠷᠢᠳᠤᠯᠭ᠎ᠠ ᠯᠢ ᠮᠠᠥ ᠫᠢᠩ ᠂ ᠸᠠᠩ ᠸᠧᠢ ᠱᠧᠩ ᠬᠠᠮᠲᠤ ᠪᠠᠶᠢᠴᠠᠭᠠᠯᠲᠠ ᠬᠢᠭᠰᠡᠨ ᠪᠠᠶᠢᠨ᠎ᠠ ᠃  (   ᠯᠢ ᠬᠠᠰᠡᠷᠳᠡᠨᠢ  ᠂  ᠰᠢᠦᠢ ᠶᠠᠨ ᠴᠧᠨ  ᠮᠡᠳᠡᠭᠡᠯᠡᠪᠡ)


            

  

            

       

         

ᠢᠷᠡᠯᠳᠡ᠄ ᠨᠠᠶᠢᠷᠠᠭᠤᠯᠤᠭᠴᠢ᠄ ᠯᠢ ᠬᠠᠰᠡᠷᠳᠡᠨᠢ