ᠨᠠᠢᠮᠠᠨ ᠬᠤᠰᠢᠭᠤ  ᠠᠮᠢ ᠠᠬᠤᠢ ᠶ᠋ᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠳ᠋ᠠᠬᠢ《 ᠨᠡᠮᠡᠬᠦ ᠬᠠᠰᠤᠬᠤ ᠦᠢᠯᠡᠳᠦᠯ 》 ᠢ ᠰᠠᠶᠢᠲᠤᠷ ᠠᠳᠬᠤᠵᠤ ᠪᠠᠶᠢᠨ᠎ᠠ

ᠣᠩᠰᠢᠭᠰᠠᠨ ᠤᠳᠠᠭ᠎ᠠ ᠄ 11319     ᠨᠡᠶᠢᠳᠡᠯᠡᠭᠰᠡᠨ ᠴᠠᠭ ᠄ 2017/8/9 17:04:19

     ᠣᠶᠢᠷ᠎ᠠ ᠶ᠋ᠢᠨ ᠵᠢᠯ ᠡᠴᠡ ᠨᠠᠰᠢ  ᠂ ᠠᠮᠢ ᠠᠬᠤᠢ ᠶ᠋ᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶ᠋ᠢᠨ ᠶᠠᠪᠦᠴᠨ ᠳ᠋ᠤ ᠪᠣᠬᠢᠷᠲᠤᠯ ᠦᠭᠡᠢ ᠬᠥᠭᠵᠢᠯᠲᠡ  ᠶ᠋ᠢ ᠲᠣᠪᠣᠶᠢᠯᠭᠠᠵᠤ ᠂ ᠰᠢᠨ᠎ᠡ ᠶ᠋ᠢ ᠡᠭᠦᠳᠬᠦ ᠪᠡᠷ ᠬᠥᠳᠡᠯᠭᠡᠬᠦ ᠬᠦᠴᠦᠨ ᠪᠣᠯᠭᠠᠬᠤ ᠶ᠋ᠢ ᠴᠢᠩᠭᠠᠳᠬᠠᠵᠤ ᠂ 《 ᠨᠡᠮᠡᠬᠦ  ᠦᠢᠯᠡᠳᠦᠯ》 ᠪᠠ《 ᠬᠠᠰᠤᠬᠤ ᠦᠢᠯᠡᠳᠦᠯ》 ᠬᠣᠶᠠᠷ ᠲᠠᠯ᠎ᠠ ᠪᠠᠷ ᠠᠳᠬᠤᠬᠤ ᠶ᠋ᠢ ᠪᠠᠷᠢᠮᠲᠠᠯᠠᠵᠤ ᠂ ᠨᠢᠭᠡ ᠲᠠᠯ᠎ᠠ ᠪᠠᠷ ᠠᠮᠢ ᠠᠬᠤᠢ ᠶ᠋ᠢ ᠰᠡᠷᠭᠦᠭᠡᠨ ᠂  ᠦᠷᠬᠦᠯᠵᠢᠯᠡᠨ ᠪᠡᠯᠡ ᠣᠷᠤᠭᠤᠯᠤᠯᠲᠠ ᠪᠠᠨ ᠨᠡᠮᠡᠭᠳᠡᠭᠦᠯᠵᠦ ᠂  ᠠᠮᠢ ᠠᠬᠤᠢ ᠳᠣᠬᠢᠯᠢᠭ ᠰᠠᠭᠤᠷᠢᠰᠢᠯ ᠤᠨ ᠬᠣᠲᠠ ᠪᠠᠯᠭᠠᠰᠤ ᠥᠭᠡᠳᠡ ᠠᠯᠬᠤᠨ ᠣᠷᠣᠵᠤ ᠂ ᠨᠦᠭᠦᠭᠡ ᠲᠠᠯ᠎ᠠ ᠪᠠᠷ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶ᠋ᠢ ᠪᠠᠭᠠᠰᠬᠠᠬᠤ  ᠶ᠋ᠢ ᠠᠳᠬᠤᠵᠤ ᠂  ᠠᠵᠤ ᠦᠢᠯᠡᠰ ᠦᠨ ᠪᠦᠲᠦᠴᠨ ᠶ᠋ᠢᠨ ᠲᠠᠰ ᠳᠡᠪᠰᠢᠬᠦ ᠶ᠋ᠢ ᠰᠢᠯᠢᠳᠡᠭᠵᠢᠭᠦᠯᠵᠦ ᠂  ᠠᠵᠤ ᠠᠬᠤᠢ ᠶ᠋ᠢᠨ ᠪᠣᠬᠢᠷᠳᠤᠯ ᠦᠭᠡᠢ ᠡᠷᠭᠢᠯᠲᠡ ᠲᠣᠣᠷ᠎ᠠ ᠨᠡᠬᠦᠷᠡᠰᠣᠳᠦ᠋ᠷᠦᠭᠴᠢᠳᠣ ᠬᠦᠭᠵᠢᠯᠲᠡ ᠶ᠋ᠢ ᠲᠦᠯᠬᠢᠨ  ᠠᠬᠢᠭᠤᠯᠵᠤ ᠪᠠᠶᠢᠨ᠎ᠠ ᠃
      ᠬᠣᠷᠴᠢᠨ ᠤ  ᠬᠣᠣᠰ ᠮᠢᠩᠭᠠᠨ ᠲᠦᠮᠡᠨ ᠮᠦ ᠡᠯᠡᠰᠦ ᠶ᠋ᠢ ᠶᠡᠷᠥᠩᠬᠡᠶᠢᠯᠡᠨ ᠵᠠᠰᠠᠭ᠋ᠤ  ᠶ᠋ᠢ ᠬᠡᠷᠡᠭᠵᠢᠭᠦᠯᠵᠦ ᠂   ᠭᠣᠣᠯᠳᠠᠯᠭ᠎ᠠ ᠲᠠᠢ ᠭᠠᠵᠠᠷ ᠣᠷᠣᠨ ᠳ᠋ᠤ ᠣᠶᠢᠵᠢᠭᠤᠯᠤᠯᠲᠠ ᠪᠠ ᠠᠵᠤ ᠠᠬᠤᠢ ᠶ᠋ᠢᠨ ᠣᠢ ᠶ᠋ᠢᠨ ᠰᠠᠭᠤᠷᠢᠨ ᠭᠠᠵᠠᠷ  ᠪᠠᠶᠢᠭᠤᠯᠵᠤ ᠂ ᠳᠡᠭᠡᠷ᠎ᠡ ᠬᠠᠭᠠᠰ ᠵᠢᠯ  ᠠᠮᠢ ᠠᠬᠤᠢ ᠶ᠋ᠢᠨ ᠪᠦᠲᠦᠭᠡᠨ ᠪᠠᠶᠢᠭᠤᠯᠤᠯᠲᠠ ᠳ᠋ᠤ 2 ᠳ᠋ᠦᠩᠰᠢᠭᠤᠷ ᠢᠯᠡᠭᠦᠦ ᠪᠡᠯᠡ ᠣᠷᠤᠭᠤᠯᠵᠤ ᠂  ᠬᠦᠮᠦᠨ ᠦ ᠬᠦᠴᠦ 9.5 ᠲᠦᠮᠡᠨ ᠬᠦᠮᠦᠨ ᠤᠳᠠᠭ᠎ᠠ ᠂  ᠡᠯ᠎ᠡ ᠵᠦᠢᠯ ᠦᠨ ᠮᠠᠰᠢᠨ ᠲᠡᠷᠭᠡ ᠶ᠋ᠢ18 ᠲᠦᠮᠡᠨ ᠡᠭᠡᠯᠵᠢ ᠂ ᠬᠦᠮᠣᠨ ‍ᠤ ᠬᠦᠴᠣ ᠪᠠᠷ ᠣᠶᠢᠵᠢᠭᠤᠯᠤᠭᠰᠠᠨ ᠤᠢ 19 ᠲᠦᠮᠡᠨ ᠮᠦ ᠂   ᠡᠭᠦᠨ ᠦ ᠳᠣᠲᠣᠷ᠎ᠠ ᠪᠣᠳᠠ ᠮᠣᠳᠣ  ᠣᠢ 8.5 ᠮᠦ ᠂  ᠲᠣᠷᠤᠭ ᠮᠣᠳᠣᠨ ᠤ  ᠬᠠᠮᠠᠭᠠᠯᠠᠯᠲᠠ ᠶ᠋ᠢᠨ ᠤᠢ 6 ᠲᠦᠮᠡᠨ ᠮᠦ ᠂  ᠦᠨᠳᠦᠷ ᠬᠤᠷᠳᠤᠴᠠᠲᠤ ᠵᠠᠰᠠᠮᠠᠯ ᠵᠠᠮ ᠤᠨ  ᠪᠦᠰᠡ ᠳᠠᠭᠠᠤ ᠣᠷᠣᠨ ᠂ ᠪᠣᠭᠤᠲᠦ ᠡᠯᠡᠰᠦᠨ ᠵᠢᠭᠤᠯᠴᠢᠯᠠᠯ ᠤᠨ ᠣᠷᠣᠨ ᠵᠡᠷᠭᠡ ᠣᠶᠢᠵᠢᠭᠤᠯᠤᠯᠲᠠ ᠶ᠋ᠢᠨ ᠢᠨᠵᠧᠨᠧᠷᠢᠩ ᠢ ᠪᠦᠲᠦᠭᠡᠨ ᠪᠠᠶᠢᠭᠤᠯᠤᠭᠰᠠᠨ ᠪᠠᠶᠢᠨ᠎ᠠ ᠃
     ᠣᠷᠴᠢᠨ ᠲᠣᠭᠤᠷᠢᠨ ᠤ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠳ᠋ᠦ《ᠥᠴᠦᠬᠡᠨ ᠴᠦ ᠢᠯᠳᠠᠷ ᠬᠠᠶᠠᠬᠤ ᠦᠭᠡᠢ》 ᠳᠦᠷᠢᠮ  ᠢ ᠬᠠᠲᠠᠭᠤ ᠴᠢᠩᠭ᠎ᠠ ᠬᠡᠷᠡᠭᠵᠢᠭᠦᠯᠵᠦ   ᠂ ᠬᠢᠨᠠᠨ  ᠬᠠᠮᠢᠶᠠᠷᠬᠤ ᠳᠠᠪᠲᠠᠮᠵᠢ ᠶ᠋ᠢᠨ ᠬᠦᠴᠦᠯᠡᠴᠡ ᠪᠡᠨ ᠨᠡᠮᠡᠭᠳᠡᠭᠦᠯᠵᠦ ᠂   ᠪᠣᠬᠢᠷᠲᠤᠯ ᠪᠣᠳᠠᠰ ‍ᠢ ᠭᠠᠳᠠᠬᠰᠢᠯᠠᠭᠣᠯᠬᠤ ᠪᠠᠶᠢᠭᠤᠯᠭ᠎ᠠ ᠨᠢᠭᠡᠴᠡ ᠶ᠋ᠢᠨ ᠪᠤᠵᠠᠷᠲᠤᠯ ᠢ  ᠭᠠᠳᠠᠭᠰᠢᠯᠠᠭᠤᠯᠵᠤ ᠪᠠᠶᠢᠭ᠎ᠠ  ᠪᠠᠶᠢᠳᠠᠯ ᠂  ᠡᠯ᠎ᠡ ᠡᠬᠢ ᠪᠠᠶᠠᠯᠢᠭ  ᠨᠡᠭᠡᠭᠡᠨ ᠠᠰᠢᠭᠯᠠᠬᠤ  ᠠᠵᠢᠯᠯᠠᠭ᠎ᠠ ᠨᠢ ᠣᠷᠴᠢᠨ ᠲᠣᠭᠤᠷᠢᠨ ᠳ᠋ᠤ ᠨᠥᠯᠥᠭᠡ ᠦᠵᠡᠭᠦᠯᠵᠦ ᠪᠠᠶᠢᠭ᠎ᠠ ᠪᠠᠶᠢᠳᠠᠯ ᠂  ᠬᠠᠤᠯᠢ ᠳᠦᠷᠢᠮ ᠢ ᠵᠥᠷᠢᠴᠡᠭᠰᠡᠨ ᠪᠦᠲᠦᠭᠡᠨ ᠪᠠᠶᠢᠭᠤᠯᠤᠯᠲᠠ  ᠶ᠋ᠢᠨ  ᠵᠦᠢᠯᠡᠰ ᠲᠦ  ᠪᠦᠬᠦ ᠲᠠᠯ᠎ᠠ  ᠶ᠋ᠢᠨ  ᠪᠠᠶᠢᠴᠠᠭᠠᠯᠲᠠ ᠬᠢᠵᠦ  ᠂ 《  ᠵᠥᠪᠰᠢᠶᠡᠷᠡᠯ ᠦᠭᠡᠢ ᠤᠷᠢᠳᠠᠪᠠᠷ ᠪᠠᠶᠢᠭᠤᠯᠤᠭᠰᠠᠨ》4  ᠲᠦᠷᠦᠯ ᠵᠦᠢᠯ   ᠂ 《 ᠰᠢᠯᠭᠠᠬᠤ ᠦᠭᠡᠢ ᠪᠡᠷ ᠤᠳᠠᠭᠠᠰᠢᠷᠠᠭᠤᠯᠬᠤ》8 ᠲᠦᠷᠦᠯ ᠵᠦᠢᠯ  ᠢ ᠴᠡᠪᠡᠷᠯᠡᠨ ᠴᠡᠭᠴᠡᠯᠡᠯᠲᠡ ᠬᠢᠵᠦ ᠂ ᠣᠷᠴᠢᠨ ᠲᠣᠭᠣᠷᠢᠨ ᠤ ᠬᠠᠤᠯᠢ ᠵᠥᠷᠢᠴᠡᠭᠰᠡᠨ ᠦᠢᠯᠡ ᠠᠵᠢᠯᠯᠠᠭᠠᠨ ᠤ ᠥᠨᠳᠦᠷ ᠳᠠᠷᠤᠯᠲᠠ ᠶ᠋ᠢᠨ ᠪᠠᠶᠢᠳᠠᠯ ᠢ ᠪᠠᠷᠢᠮᠲᠠᠯᠠᠭᠰᠠᠨ ᠪᠠᠶᠢᠨ᠎ᠠ ᠃
    ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠠᠯ᠎ᠠ ᠪᠠᠷ ᠢᠳᠡᠪᠬᠢᠲᠡᠢ ᠠᠮᠵᠢᠯᠲᠠ ᠣᠯᠣᠭᠰᠠᠨ ᠪᠠᠶᠢᠨ᠎ᠠ ᠃  ᠲᠦᠯᠡᠰᠢᠨ ᠨᠡᠭᠦᠷᠡᠰᠦᠨ   ᠭᠥᠸ᠋ᠸᠯᠦ  ᠳ᠋ᠦ ᠲᠤᠰᠬᠠᠢ ᠵᠠᠰᠠᠯᠲᠠ ᠬᠢᠭᠰᠡᠨ ᠪᠦᠭᠡᠳ ᠭᠣᠣᠯ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ  ᠶ᠋ᠢ ᠪᠠᠭᠠᠰᠬᠠᠬᠤ ᠠᠵᠢᠯᠯᠠᠭ᠎ᠠ ᠥᠷᠨᠢᠭᠦᠯᠵᠦ ᠂  ᠾᠥᠩ ᠵᠢᠢ  ᠱᠦᠢᠨᠢ ᠂ ᠵᠦᠩ ᠯᠢᠶᠠᠨ ᠱᠦᠢᠨᠢ ᠶ᠋ᠢᠨ ᠵᠣᠣᠬ᠎ᠠ ᠡᠴᠠ ᠢᠯᠭᠠᠷᠠᠭᠤᠯᠵᠤ ᠪᠠᠶᠢᠭ᠎ᠠ ᠬᠠᠶᠠᠭᠳᠠᠮᠠᠯ ᠬᠡᠢ ᠶ᠋ᠢ ᠭᠠᠳᠠᠭᠰᠢᠯᠠᠭᠤᠯᠬᠤ ᠬᠡᠮᠵᠢᠶ᠎ᠡ ᠶ᠋ᠢ ᠪᠠᠭᠠᠰᠬᠠᠬᠤ ᠲᠦᠷᠦᠯ ᠵᠦᠢᠯ  ᠦᠨ ᠠᠵᠢᠯᠯᠠᠭ᠎ᠠ  ᠶ᠋ᠢ ᠶᠠᠪᠤᠭᠳᠠᠭᠤᠯᠵᠤ ᠂  ᠳᠡᠭᠡᠷ᠎ᠡ ᠬᠠᠭᠠᠰ ᠵᠢᠯ ᠪᠦᠬᠦ ᠬᠤᠰᠢᠭᠤᠨ ᠤ  ᠬᠢᠮᠢ ᠳ᠋ᠥ ᠬᠡᠷᠡᠭᠯᠡᠭᠥ ᠭᠥᠴᠢᠯᠳᠦᠷᠤᠭᠴᠢ ᠶ᠋ᠢᠨ ᠬᠡᠮᠵᠢᠶ᠎ᠡ 28  ᠲᠣᠨ ᠂  ᠰᠢᠪᠲᠦᠷᠲᠦ ᠠᠽᠣᠲ 2 ᠲᠣᠨ  ᠂ ᠬᠦᠬᠦᠷ ‍ᠥᠨ ᠳᠠᠪᠬᠤᠷ ᠢᠰᠦᠯ 126 ᠲᠣᠨ ᠂ ᠡᠠᠽᠣᠲ ᠤᠠ  ᠢᠰᠦᠮᠡᠭ 130 ᠲᠣᠨ ᠭᠠᠳᠠᠭᠰᠢᠯᠠᠭᠤᠯᠬᠤ ᠬᠡᠮᠵᠢᠶ᠎ᠡ  ᠶ᠋ᠢ  ᠪᠠᠭᠠᠰᠬᠠᠵᠤ ᠂  ᠲᠣᠰ ᠪᠦᠷᠢ  ᠵᠢᠯ ᠦᠨ  ᠭᠠᠳᠠᠭᠰᠢᠯᠠᠭᠤᠯᠬᠤ ᠬᠡᠮᠵᠢᠶᠡᠨ ᠦ  ᠪᠠᠭᠠᠰᠬᠠᠬᠤ ᠬᠠᠷᠠᠯᠲᠠ ᠶ᠋ᠢᠨ 44% ᠂ 48%  ᠂ 57 % ᠪᠣᠯᠣᠨ 60%  ᠪᠡᠶᠡᠯᠡᠭᠦᠯᠪᠡ ᠃  ( ᠯᠢ ᠬᠠᠰᠡᠷᠳᠡᠨᠢ  ᠂  ᠦ᠋ ᠳ᠋ᠠᠨ   ᠮᠡᠳᠡᠭᠡᠯᠡᠪᠡ )
ᠢᠷᠡᠯᠳᠡ᠄ ᠨᠠᠶᠢᠷᠠᠭᠤᠯᠤᠭᠴᠢ᠄ ᠯᠢ ᠬᠠᠰᠡᠷᠳᠡᠨᠢ