ᠬᠤᠰᠢᠭᠤᠨ ᠤ ᠮᠣᠩᠭᠣᠯ ᠦᠨᠳᠦᠰᠦᠲᠡᠨ ᠦ ᠲᠤᠷᠰᠢᠯᠲᠠ ᠶ᠋ᠢᠨ ᠪᠠᠭ᠎ᠠ ᠰᠤᠷᠭᠠᠭᠤᠯᠢ ᠰᠢᠨ᠎ᠡ ᠰᠤᠷᠤᠯᠭ᠎ᠠ ᠶ᠋ᠢᠨ ᠬᠤᠭᠤᠴᠭᠠᠨ ᠳ᠋ᠠᠬᠢ ᠠᠩᠭᠢ ᠶ᠋ᠢᠨ ᠰᠣᠶᠣᠯ ᠤᠨ ᠪᠠᠶᠢᠭᠤᠯᠤᠯᠲᠠ ᠨᠢ ᠴᠣ ᠰᠢᠨ᠎ᠡ ᠪᠠᠶᠢᠳᠠᠯ ᠢᠯᠡᠷᠡᠪᠡ

ᠣᠩᠰᠢᠭᠰᠠᠨ ᠤᠳᠠᠭ᠎ᠠ ᠄ 11270     ᠨᠡᠶᠢᠳᠡᠯᠡᠭᠰᠡᠨ ᠴᠠᠭ ᠄ 2017/8/21 20:31:09

         

 

    ᠠᠩᠭᠢ ᠶ᠋ᠢᠨ ᠰᠣᠶᠣᠯ ᠤᠨ ᠪᠠᠶᠢᠭᠤᠯᠤᠯᠲᠠ ᠪᠣᠯ ᠰᠤᠷᠭᠠᠨ ᠬᠥᠮᠥᠵᠢᠯ ᠦᠨ ᠴᠢᠨᠠᠷ ᠴᠢᠨᠰᠠᠭ᠎ᠠ ᠶ᠋ᠢᠨ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯᠤᠨ᠎ᠠ ᠂  ᠮᠥᠨ ᠴᠦ  ᠬᠥᠮᠥᠨ ᠢ  ᠬᠥᠮᠥᠵᠢᠭᠦᠯᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ  ᠶᠠᠪᠤᠳᠠᠯ ᠪᠣᠯᠬᠤ ᠶᠤᠮ ᠃  ᠠᠩᠭᠢ ᠪᠣᠯ ᠰᠤᠷᠭᠠᠭᠤᠯᠢ ᠬᠦᠷᠢᠶᠡᠨ ᠳ᠋ᠡᠬᠢ ᠤᠷᠭᠠᠨᠢᠭ ᠪᠤᠳᠠᠭᠠᠯᠢ ᠪᠡᠶ᠎ᠡ  ᠪᠣᠯᠣᠨ᠎ᠠ᠂  ᠠᠩᠭᠢ ᠳᠠᠬᠢ ᠠᠩᠭᠢ ᠶ᠋ᠢᠨ ᠰᠤᠷᠲᠠᠯ ᠂ ᠰᠤᠷᠤᠯᠴᠠᠬᠤ ᠰᠤᠷᠲᠠᠯ ᠨᠢ ᠪᠦᠬᠦᠶᠢᠯᠡ ᠰᠤᠷᠭᠠᠭᠤᠯᠢ ᠶ᠋ᠢᠨ ᠬᠦᠷᠢᠶᠡᠨ ᠦ ᠰᠣᠶᠣᠯ ᠤᠨ ᠪᠠᠶᠢᠭᠤᠯᠤᠯᠲᠠ ᠶ᠋ᠢᠨ ᠬᠤᠷᠳᠤᠴᠠ ᠪᠠ ᠳᠡᠭᠡᠳᠦ  ᠬᠡᠮᠵᠢᠶ᠎ᠠ ᠶ᠋ᠢ ᠰᠢᠭᠤᠳ ᠨᠥᠯᠥᠭᠡᠯᠡᠬᠦ ᠶᠤᠮ  ᠃


             

   

        

   

    ᠰᠤᠷᠭᠠᠭᠤᠯᠢ ᠶ᠋ᠢᠨ 24 ᠠᠩᠭᠢ ᠶ᠋ᠢᠨ ᠡᠷᠭᠢᠯᠡᠭᠴᠢ ᠰᠤᠷᠭᠠᠭᠤᠯᠢ ᠡᠬᠢᠯᠡᠬᠦ ᠡᠴᠡ ᠡᠮᠦᠨ᠎ᠡ  ᠨᠠᠷᠢᠯᠢᠭ  ᠲᠥᠰᠥᠪᠯᠡᠵᠦ ᠂  ᠣᠪ ᠣᠬᠣᠷᠬᠠᠨ ᠲᠦᠷᠪᠡᠨ ᠡᠳᠦᠷ ᠦᠨ ᠴᠠᠭ ᠢ ᠵᠠᠷᠤᠴᠠᠭᠤᠯᠵᠤ ᠂ ᠥᠪᠡᠷ ᠥᠪᠡᠷ ᠦᠨ ᠢᠶᠡᠨ  ᠰᠢᠨ᠎ᠡ ᠪᠡᠷ ᠡᠷᠬᠢᠯᠡᠬᠦ ᠭᠡᠵᠦ ᠪᠠᠶᠢᠭ᠎ᠠ ᠠᠩᠭᠢ ᠶ᠋ᠢᠨ ᠢᠶ᠋ᠡᠨ ᠭᠣᠣᠯ ᠰᠡᠳᠤᠪ ᠲᠣᠪᠣᠶᠢᠮ᠎ᠠ ᠂  ᠥᠪᠡᠷᠮᠢᠴᠡ ᠣᠨᠴᠠᠯᠢᠭ ᠢᠯᠡᠷᠬᠡᠢ ᠂  ᠭᠦᠨ ᠵᠤᠵᠠᠭᠠᠨ ᠦᠨᠳᠦᠰᠦᠲᠡᠨ ᠦ ᠣᠨᠴᠠᠯᠢᠭ  ᠲᠠᠢ ᠰᠠᠶᠢᠬᠠᠨ ᠵᠠᠰᠠᠨ ᠴᠢᠮᠡᠭᠯᠡᠵᠦ  ᠴᠣ ᠰᠢᠨ᠎ᠡ ᠪᠠᠶᠢᠳᠠᠯ ᠢ ᠪᠣᠢ ᠪᠣᠯᠭᠠᠪᠠ ᠃    

     

        


        


                      


        


        


       


        


       


        

 

        


        


        


        


        


        


        

   

    ᠠᠩᠭᠢ ᠶ᠋ᠢᠨ ᠣᠨᠴᠠᠯᠢᠭ ᠲᠠᠢ ᠰᠣᠶᠣᠯ  ᠢ ᠪᠣᠢ  ᠪᠣᠯᠭᠠᠭᠰᠠᠨ ᠨᠢ ᠠᠩᠭᠢ ᠶ᠋ᠢᠨ ᠡᠷᠬᠢᠯᠡᠭᠴᠢ ᠶ᠋ᠢᠨ ᠦᠢᠯᠡᠳᠦᠯ  ‍ᠢ ᠭᠦᠢᠴᠡᠳ ᠪᠠᠳᠠᠷᠠᠭᠤᠯᠵᠤ ᠂ ᠠᠩᠭᠢ ᠶ᠋ᠢᠨ ᠪᠦᠯᠬᠦᠮᠳᠡᠯ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠦᠭᠰᠡᠨ ᠮᠥᠷᠲᠡᠭᠡᠨ ᠰᠤᠷᠭᠠᠭᠤᠯᠢ ᠶ᠋ᠢᠨ ᠰᠣᠶᠣᠯ ᠤᠨ ᠪᠠᠶᠢᠭᠤᠯᠤᠯᠲᠠ ᠶ᠋ᠢ ᠠᠬᠢᠭᠤᠯᠬᠤ ᠳ᠋ᠤ ᠮᠠᠰᠢ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ ᠃  (ᠯᠢ ᠬᠠᠰᠡᠷᠳᠡᠨᠢ  ᠮᠡᠳᠡᠭᠡᠯᠡᠪᠡ )

ᠢᠷᠡᠯᠳᠡ᠄ ᠨᠠᠶᠢᠷᠠᠭᠤᠯᠤᠭᠴᠢ᠄ ᠯᠢ ᠬᠠᠰᠡᠷᠳᠡᠨᠢ