ᠨᠠᠢᠮᠠᠨ ᠬᠤᠰᠢᠭᠤᠨ ᠤ ᠬᠣᠶᠢᠴᠢ ᠦᠶ᠎ᠡ ᠶ᠋ᠢᠨ ᠬᠢᠨ  ᠢ ᠬᠠᠯᠠᠮᠵᠢᠯᠠᠬᠤ ᠠᠵᠢᠯ ᠬᠦᠭᠵᠢᠭᠡᠨ ᠲᠠᠢ ᠶᠠᠪᠤᠬᠳᠠᠵᠤ ᠪᠤᠢ

ᠣᠩᠰᠢᠭᠰᠠᠨ ᠤᠳᠠᠭ᠎ᠠ ᠄ 4992     ᠨᠡᠶᠢᠳᠡᠯᠡᠭᠰᠡᠨ ᠴᠠᠭ ᠄ 2017/11/8 9:00:12


       ᠨᠠᠢᠮᠠᠨ ᠬᠤᠰᠢᠭᠣᠨ ᠤ ᠡᠯ᠎ᠡ ᠱᠠᠳᠤᠨ ᠤ ᠬᠣᠶᠢᠴᠢ ᠦᠶ᠎ᠡ ᠶ᠋ᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠣᠯᠠᠨ ᠲᠠᠯ᠎ᠠ ᠪᠠᠷ ᠂ ᠢᠳᠡᠪᠬᠢᠲᠡᠢ ᠪᠠᠷ ᠪᠢᠴᠢᠬᠠᠨ ᠰᠤᠷᠤᠬᠴᠢᠤᠨ ᠶ᠋ᠢᠨ ᠶᠣᠰᠣ ᠰᠤᠷᠲᠠᠬᠤᠨ ᠂ ᠣᠶᠣᠨ ᠤᠬᠠᠭᠠᠨ ᠂ ᠪᠡᠶ᠎ᠡ ᠮᠠᠬᠠᠪᠣᠤᠨ ᠵᠡᠷᠬᠡ  ᠪᠦᠬᠦ ᠲᠠᠯ᠎ᠠ ᠪᠠᠷ ᠬᠦᠭᠵᠢᠭᠰᠡᠨ ᠬᠡᠷᠡᠭᠴᠡᠭᠡ ᠲᠠᠢ ᠬᠦᠮᠦᠨ ᠪᠣᠯᠣᠨ ᠬᠦᠮᠦᠵᠢᠭᠳᠡᠬᠦ ᠠᠵᠢᠯᠯᠠᠭ᠎ᠠ ᠥᠷᠨᠢᠭᠦᠯᠵᠦ ᠣᠯᠠᠨ ᠲᠠᠯ᠎ᠠ ᠪᠠᠷ ᠳᠡᠦᠨᠬᠦᠨ ᠲᠡᠮᠵᠢᠵᠦ ᠪᠠᠶᠢᠨ᠎ᠠ ᠃
       ᠡᠮᠦᠨᠡᠬᠡᠨ ᠂ ᠳᠠᠴᠢᠨᠲᠠᠯ᠎ᠠ ᠪᠠᠯᠭᠠᠰᠤ ᠶ᠋ᠢᠨ ᠭᠤᠷᠪᠠᠳᠤᠭᠠᠷ ᠪᠠᠭ᠎ᠠ ᠰᠤᠷᠭᠠᠭᠤᠯᠢ ᠶ᠋ᠢᠨ ᠨᠢᠭᠡᠳᠦᠭᠡᠷ ᠣᠨ ᠤ ᠰᠤᠷᠤᠬᠴᠢ ᠵᠠᠩ ᠶᠢᠦ ᠸᠸᠨ ᠬᠦᠨᠳᠦ ᠡᠪᠡᠦᠨᠴᠢᠯᠡᠨ ᠪᠡᠭᠡᠵᠢᠩ ᠳ᠋ᠥ ᠡᠮᠨᠡᠭᠦᠯᠬᠦ ᠴᠢᠬᠤᠯᠠ ᠲᠠᠢ ᠪᠣᠯᠤᠭᠰᠠᠨ ᠳ᠋ᠥ ᠰᠤᠷᠭᠠᠭᠤᠯᠢ ᠶ᠋ᠢᠨ ᠪᠠᠭᠰᠢ ᠰᠤᠷᠤᠬᠴᠢᠤᠨ ᠲᠡᠷᠡ ᠳᠠᠷᠤᠢ 24700 ᠲᠦᠭᠦᠷᠡᠭ ᠴᠤᠬᠯᠠᠭᠤᠯᠤᠨ ᠲᠤᠰᠠᠯᠠᠵᠠᠢ ᠃ ᠬᠣᠩᠬᠤᠷᠲᠠᠯ᠎ᠠ ᠰᠤᠮᠤ ᠶ᠋ᠢᠨ ᠬᠣᠶᠢᠴᠢ ᠦᠶ᠎ᠡ ᠶ᠋ᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠦᠨ ᠪᠠᠶᠢᠩᠭᠤ ᠶ᠋ᠢᠨ ᠳᠡᠳ᠋ ᠡᠷᠬᠢᠯᠡᠭᠴᠢ ᠸᠠᠩ ᠹᠦ᠋ ᠥᠪᠡᠷ ᠦᠨ ᠬᠠᠷᠮᠠᠨ ᠤ ᠵᠣᠭᠣᠰ ᠢᠶᠡᠨ 700 ᠲᠦᠭᠦᠷᠡᠭ ᠭᠠᠷᠭᠠᠨ ᠰᠤᠮᠤ ᠶ᠋ᠢᠨ ᠭᠣᠤᠯ ᠪᠠᠭ᠎ᠠ ᠰᠤᠷᠭᠠᠭᠤᠯᠢ ᠪᠤᠯᠤᠨ ᠵᠡᠭᠦᠨ ᠲᠠᠷᠢᠰᠢᠨᠮᠣᠳᠤ ᠪᠠᠭ᠎ᠠ ᠰᠤᠷᠭᠠᠭᠤᠯᠢ ᠶ᠋ᠢᠨ 58 ᠨᠡᠷᠡᠰ ᠶᠠᠳᠠᠭᠤ ᠬᠦᠴᠢᠷᠲᠡᠢ ᠰᠤᠷᠤᠬᠴᠢ ᠳ᠋ᠥ ᠰᠤᠷᠤᠯᠭ᠎ᠠ ᠶ᠋ᠢᠨ ᠬᠡᠷᠡᠭᠰᠡᠯ ᠬᠦᠷᠭᠡᠨ ᠥᠭᠴᠦ ᠂ ᠪᠦᠬᠦ ᠲᠠᠯ᠎ᠠ ᠪᠠᠷ ᠬᠦᠭᠵᠢᠭᠰᠡᠨ ᠰᠠᠶᠢᠨ ᠰᠤᠷᠤᠬᠴᠢ ᠪᠣᠯᠬᠤ ᠶ᠋ᠢ ᠵᠣᠷᠢᠬᠵᠢᠭᠤᠯᠵᠠᠢ ᠃ ᠴᠢᠩ ᠯᠦᠩ ᠱᠠᠨ ᠪᠠᠯᠭᠠᠰᠤᠨ ᠤ ᠬᠣᠶᠢᠴᠢ ᠦᠶ᠎ᠡ ᠶ᠋ᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠪᠣᠯᠣᠨ ᠶᠠᠳᠠᠭᠤ ᠶ᠋ᠢ ᠳᠡᠦᠨᠬᠦᠬᠦ ᠠᠯᠪᠠᠨ ᠭᠡᠷ ᠬᠣᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠣᠪᠴᠢᠶ᠎ᠠ ᠲᠠᠢ ᠬᠠᠮᠲᠤᠷᠠᠨ ᠂ ᠪᠦᠬᠦ ᠪᠠᠯᠭᠠᠰᠤᠨ ᠤ ᠲᠣᠮᠳᠠᠳᠤ ᠪᠠᠭ᠎ᠠ ᠰᠤᠷᠭᠠᠭᠤᠯᠢ ᠶ᠋ᠢᠨ ᠰᠤᠷᠤᠬᠴᠢᠤᠨ ᠢ ᠡᠷᠦᠭᠡ ᠳᠠᠷᠠᠭᠠᠯᠠᠨ ᠪᠠᠶᠢᠴᠠᠭᠠᠨ ᠣᠶᠢᠯᠠᠭᠠᠵᠤ ᠂ ᠶᠠᠳᠠᠭᠤ ᠬᠦᠴᠢᠷᠲᠡᠢ ᠰᠤᠷᠤᠬᠴᠢᠤᠨ ᠲᠣ ᠳᠠᠩᠰᠠ ᠡᠪᠬᠡᠮᠡᠯ ᠵᠣᠬᠢᠶᠠᠨ ᠂ ᠲᠡᠳᠡᠨᠦᠰ ᠢ ᠬᠠᠪᠰᠤᠷᠤᠨ ᠰᠤᠷᠤᠯᠭ᠎ᠠ ᠶ᠋ᠢ ᠨᠢ ᠲᠡᠭᠦᠰᠭᠡᠬᠦ ᠪᠠᠷ ᠪᠤᠢ ᠃          

                                                       ᠯᠢ ᠪᠤᠶᠠᠨᠴᠤᠭᠯᠠ  ᠮᠠᠳᠡᠭᠡᠯᠡᠪᠠ


ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ