ᠨᠠᠢᠮᠠᠨ ᠬᠤᠰᠢᠭᠤ ᠰᠢᠨᠵᠢᠯᠡᠬᠦ ᠤᠬᠠᠭᠠᠨᠴᠢ ᠪᠠᠷ 《 ᠨᠢᠭᠡ ᠪᠦᠰᠡ ᠭᠤᠷᠪᠠᠨ ᠬᠡᠰᠡᠭ ᠨᠠᠢᠮᠠᠨ ᠬᠦᠷᠢᠶᠡᠯᠡᠩ 》‍ ᠤᠨ ᠠᠵᠤ ᠤᠶᠢᠯᠡᠦᠨᠪᠦᠷᠢ ᠶ᠋ᠢᠨ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠵᠤ ᠪᠠᠶᠢᠨ᠎ᠠ

ᠣᠩᠰᠢᠭᠰᠠᠨ ᠤᠳᠠᠭ᠎ᠠ ᠄ 2957     ᠨᠡᠶᠢᠳᠡᠯᠡᠭᠰᠡᠨ ᠴᠠᠭ ᠄ 2017/11/17 9:21:49

          ᠤᠶᠢᠷ᠎ᠠ ᠶ᠋ᠢᠨ ᠵᠢᠯ ᠳ᠋ᠥ ᠂ ᠨᠠᠢᠮᠠᠨ ᠬᠤᠰᠢᠭᠤ《 ᠨᠢᠭᠡ ᠪᠦᠰᠡ  ᠭᠤᠷᠪᠠᠨ ᠬᠡᠰᠡᠭ  ᠨᠠᠢᠮᠠᠨ ᠬᠦᠷᠢᠶᠡᠯᠡᠩ》 ᠤᠨ  ᠠᠵᠤ ᠤᠶᠢᠯᠡᠦᠨᠪᠦᠷᠢ ᠶ᠋ᠢᠨ ᠪᠠᠶᠢᠷᠢᠯᠠᠭᠤᠯᠤᠯᠲᠠ ᠶ᠋ᠢ ᠳᠠᠰᠤᠷᠠᠯᠲᠠ ᠦᠭᠡᠢ ᠲᠡᠭᠦᠯᠳᠡᠷᠵᠢᠭᠦᠯᠵᠦ ᠢᠳᠡᠪᠬᠢᠲᠡᠢ ᠪᠦᠳᠦᠭᠡᠨ ᠪᠠᠶᠢᠭᠤᠯᠤᠯᠳᠠ ᠬᠢᠵᠦ ᠪᠤᠢ ᠃ ᠨᠠᠢᠮᠠᠨ ᠬᠤᠰᠢᠭᠤᠨ ᠤ ᠠᠵᠤ ᠤᠶᠢᠯᠡᠦᠨᠪᠦᠷᠢ ᠶ᠋ᠢᠨ ᠬᠦᠷᠢᠶᠡᠯᠡᠩ ᠲᠣᠭᠤᠷᠢᠭ ᠤᠨ ᠶᠡᠷᠦᠩᠬᠡᠢ ᠲᠦᠯᠦᠪᠵᠢᠭᠦᠯᠭᠡ ᠶ᠋ᠢᠨ ᠲᠠᠯᠠᠪᠠᠢ 45 ᠲᠡᠭᠰᠢ ᠳᠦᠷᠪᠡᠯᠵᠢᠨ ᠺᠢᠯᠦᠮᠸᠲ᠋ᠷ  ᠲᠤ ᠬᠦᠷᠴᠦ ᠂ ᠳ᠋ᠠ ᠭᠤᠸᠠᠩ ᠲᠥᠷᠭᠡᠨ ᠵᠠᠮ ᠂ ᠤᠯᠤᠰ ᠤᠨ 111 ᠱᠣᠭᠤᠮ ᠂ ᠵᠢᠩ ᠲᠥᠩ ᠲᠡᠮᠦᠷ ᠵᠠᠮ ᠳᠠᠭᠠᠤ ᠠᠵᠤ ᠤᠶᠢᠯᠡᠰ ᠤᠨ ᠬᠦᠭᠵᠢᠭᠦᠯᠦᠯᠲᠡ ᠶ᠋ᠢᠨ ᠪᠦᠰᠡ ᠂ ᠭᠤᠷᠪᠠᠨ ᠵᠣᠷᠪᠤᠰ ᠱᠣᠭᠤᠮ ᠢ ᠬᠣᠯᠪᠤᠬᠰᠠᠨ ᠳᠠᠴᠢᠨᠲᠠᠯ᠎ᠠ ᠪᠠᠯᠭᠠᠰᠤᠨ ᠤ ᠠᠵᠤ ᠤᠶᠢᠯᠡᠦᠨᠪᠦᠷᠢ ᠶ᠋ᠢᠨ ᠬᠡᠰᠡᠭ ᠲᠤᠭᠤᠷᠢᠭ ᠂ ᠪᠠᠶᠠᠨᠲᠠᠯ᠎ᠠ ᠶ᠋ᠢᠨ ᠠᠵᠤ ᠤᠶᠢᠯᠡᠦᠨᠪᠦᠷᠢ ᠶ᠋ᠢᠨ ᠬᠡᠰᠡᠭ ᠲᠣᠭᠤᠷᠢᠭ ᠂ ᠪᠠᠶᠢᠰᠢᠩᠳᠤ ᠶ᠋ᠢᠨ ᠠᠵᠤ ᠤᠶᠢᠯᠡᠦᠨᠪᠦᠷᠢ ᠶ᠋ᠢᠨ ᠬᠡᠰᠡᠭ ᠲᠣᠭᠤᠷᠢᠭ ᠪᠠ ᠣᠷᠭᠠᠨᠢᠭ ᠢᠳᠡᠭᠡᠨ ᠪᠣᠯᠪᠠᠰᠤᠷᠠᠭᠤᠯᠬᠤ ᠠᠵᠤ ᠤᠶᠢᠯᠡᠰ ᠤᠨ ᠬᠦᠷᠢᠶᠡᠯᠡᠩ ᠂ ᠡᠮ ᠡᠮᠨᠡᠯᠭᠡ ᠶ᠋ᠢᠨ ᠰᠢᠨᠵᠢᠯᠡᠬᠦ ᠮᠡᠷᠭᠡᠵᠢᠯ ᠦᠨ ᠠᠵᠤ ᠤᠶᠢᠯᠡᠰ ᠤᠨ ᠬᠦᠷᠢᠶᠡᠯᠡᠩ ᠂ ᠴᠠᠬᠢᠯᠭᠠᠨ ᠡᠨ᠋ᠸᠷᠭᠢ ᠶ᠋ᠢᠨ ᠡᠬᠢ ᠰᠣᠷᠪᠤᠯᠵᠢ ᠶ᠋ᠢᠨ ᠠᠵᠤ ᠤᠶᠢᠯᠡᠰ ᠤᠨ ᠬᠦᠷᠢᠶᠡᠯᠡᠩ ᠂ ᠣᠷᠭᠠᠨᠢᠭ ᠮᠠᠯ ᠲᠠᠷᠢᠶᠠᠯᠠᠩ ᠤᠨ ᠪᠦᠳᠦᠭᠳᠡᠭᠦᠨ ᠪᠣᠯᠪᠠᠰᠤᠷᠠᠭᠤᠯᠬᠤ ᠠᠵᠤ ᠤᠶᠢᠯᠡᠰ ᠤᠨ ᠬᠦᠷᠢᠶᠡᠯᠡᠩ ᠂ ᠡᠯᠡᠰᠦᠨ ᠦ ᠠᠵᠤ ᠤᠶᠢᠯᠡᠰ ᠤᠨ ᠬᠦᠷᠢᠶᠡᠯᠡᠩ ᠵᠡᠷᠭᠡ 8 ᠬᠦᠷᠢᠶᠡᠯᠡᠩ ᠢ ᠪᠦᠳᠦᠭᠡᠨ ᠪᠠᠶᠢᠭᠤᠯᠵᠤ ᠂ ᠣᠳᠣᠬᠠᠨ ᠳ᠋ᠥ ᠬᠦᠷᠢᠶᠡᠯᠡᠩ ᠲᠣᠭᠤᠷᠢᠭ  ᠲᠤ 228 ᠠᠵᠤ ᠠᠬᠤᠶᠢᠯᠠᠯ ᠨᠤᠳᠤᠬᠰᠢᠨ ᠂ ᠬᠡᠪᠴᠢᠶᠡᠵᠢᠯ ᠡᠴᠡ ᠳᠡᠭᠡᠭᠰᠢ ᠠᠵᠤ ᠠᠬᠤᠶᠢᠯᠠᠯ 39 ᠡᠷᠦᠬᠡ  ᠪᠤᠢ ᠃


                                                           ᠯᠢ ᠪᠤᠶᠠᠨᠴᠤᠭᠯᠠ ᠮᠡᠳᠡᠭᠡᠯᠡᠪᠡ

ᠢᠷᠡᠯᠳᠡ᠄ ᠨᠠᠶᠢᠷᠠᠭᠤᠯᠤᠭᠴᠢ᠄ ᠭᠤᠤ ᠾᠥᠩ ᠮᠸᠢ

ᠬᠠᠮᠢᠶ᠎ᠡ ᠪᠦᠬᠦᠢ ᠰᠣᠨᠢᠨ