ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠠᠵᠢᠯ ᠤᠨ ᠲᠤᠬᠠᠢ

ᠣᠩᠰᠢᠭᠰᠠᠨ ᠤᠳᠠᠭ᠎ᠠ ᠄ 12531     ᠨᠡᠶᠢᠳᠡᠯᠡᠭᠰᠡᠨ ᠴᠠᠭ ᠄ 2017/11/17 9:16:53

          ᠨᠡᠶᠢᠭᠡᠮ ᠦᠨ ᠬᠦᠮᠦᠰ ᠦᠨ ᠨᠡᠶᠢᠳᠡᠮ ᠦᠨ ᠮᠡᠳᠡᠭᠡᠵᠢ ᠪᠠᠷ ᠂ ᠰᠤᠷᠭᠠᠭᠤᠯᠢ ᠶ᠋ᠢᠨ ᠭᠣᠤᠯ ᠠᠵᠢᠯ ᠪᠣᠯ ᠵᠢᠭᠠᠨ ᠰᠤᠷᠭᠠᠯᠲᠠ ᠪᠣᠯᠤᠨ᠎ᠠ ᠃ ᠵᠢᠭᠠᠨ ᠰᠤᠷᠭᠠᠯᠲᠠ ᠪᠠᠷ ᠳᠠᠮᠵᠢᠨ ᠰᠤᠷᠤᠬᠴᠢᠤᠨ  ᠲᠤ ᠬᠦᠮᠦᠵᠢᠯ ᠬᠦᠷᠲᠡᠭᠡᠵᠦ ᠮᠡᠳᠡᠯᠭᠡ ᠣᠯᠭᠤᠳᠠᠭ ᠃ ᠡᠶᠢᠨᠬᠦ ᠵᠢᠭᠠᠨ ᠰᠤᠷᠭᠠᠬᠤ ᠠᠵᠢᠯᠯᠠᠭ᠎ᠠ ᠶ᠋ᠢ ᠪᠠᠶᠢᠩᠭᠤ ᠲᠣᠬᠢᠷᠠᠭᠤᠯᠵᠤ ᠪᠣᠳᠠᠲᠠᠢ ᠬᠠᠷᠢᠭᠤᠴᠠᠵᠤ ᠪᠦᠬᠦᠢ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠠᠵᠢᠯ ᠡᠭᠦᠷᠭᠡ ᠲᠤᠶᠢᠯ ᠤᠨ ᠬᠦᠨᠳᠦ ᠴᠢᠬᠤᠯᠠ ᠪᠦᠭᠡᠤᠨ ᠰᠤᠷᠭᠠᠭᠤᠯᠢ ᠶ᠋ᠢᠨ ᠪᠦᠬᠦᠶᠢᠯᠡ ᠵᠢᠭᠠᠨ ᠰᠤᠷᠭᠠᠬᠤ ᠠᠵᠢᠯ ᠤᠨ ᠶᠠᠰᠤ ᠴᠢᠨᠠᠷ ᠢ ᠲᠡᠭᠡᠭᠰᠢᠯᠡᠭᠦᠯᠬᠦ ᠳ᠋ᠥ ᠮᠠᠰᠢ ᠴᠢᠬᠤᠯᠠ ᠤᠶᠢᠯᠡᠳᠦᠯ ᠦᠵᠡᠭᠦᠯᠳᠡᠭ ᠪᠠᠶᠢᠨ᠎ᠠ ᠃ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠠᠵᠢᠯ ᠨᠢ ᠭᠣᠤᠯᠳᠠᠭᠤ ᠵᠢᠭᠠᠨ ᠰᠤᠷᠭᠠᠯᠲᠠ ᠶ᠋ᠢ ᠬᠠᠮᠢᠶᠠᠷᠬᠤ ᠂  ᠵᠢᠭᠠᠨ ᠰᠤᠷᠭᠠᠯᠲᠠ ᠶ᠋ᠢ ᠵᠢᠯᠤᠭᠣᠤᠨᠬᠤ ᠂ ᠵᠢᠭᠠᠨ ᠰᠤᠷᠭᠠᠯᠲᠠ ᠶ᠋ᠢ ᠰᠤᠳᠤᠯᠬᠤ ᠶᠠᠪᠤᠳᠠᠯ ᠪᠣᠯᠤᠨ᠎ᠠ ᠃
            ᠵᠢᠭᠠᠨ ᠰᠤᠷᠭᠠᠯᠲᠠ ᠶ᠋ᠢ ᠬᠠᠮᠢᠶᠠᠷᠬᠤ ᠪᠣᠯ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠦᠨᠳᠦᠰᠦᠨ ᠡᠭᠦᠷᠭᠡ ᠪᠣᠯᠤᠨ᠎ᠠ ᠃ ᠵᠢᠭᠠᠨ ᠰᠤᠷᠭᠠᠯᠲᠠ ᠶ᠋ᠢ ᠬᠠᠮᠢᠶᠠᠷᠬᠤ ᠳ᠋ᠥ ᠶᠠᠭᠤᠨ ᠤ ᠡᠮᠦᠨ᠎ᠡ ᠂ ᠨᠠᠮ ᠤᠨ ᠰᠤᠷᠭᠠᠨ ᠬᠦᠮᠦᠵᠢᠯ ᠦᠨ ᠲᠤᠬᠠᠢ ᠴᠢᠭᠯᠡᠯᠲᠡ ᠂ ᠲᠦᠷᠦ ᠶ᠋ᠢᠨ ᠪᠣᠳᠤᠯᠭ᠎ᠠ ᠪᠣᠯᠣᠨ ᠣᠨᠤᠯ ᠢ  ᠰᠠᠶᠢᠳᠤᠷ ᠰᠤᠷᠤᠯᠴᠠᠨ ᠬᠦᠨᠵᠡᠭᠡᠢ ᠣᠶᠢᠯᠠᠭᠠᠵᠤ ᠡᠷᠡᠰ ᠲᠣᠤᠱᠯᠠᠭᠤᠯᠬᠤ ᠶ᠋ᠢ ᠠᠩᠬᠠᠷᠬᠤ ᠬᠡᠷᠡᠭᠲᠡᠢ ᠃ ᠪᠠᠭᠰᠢ ᠰᠤᠷᠤᠬᠴᠢᠤᠨ  ᠤᠨ ᠦᠨᠳᠦᠰᠦᠨ ᠪᠠᠶᠢᠳᠠᠯ ᠢ ᠤᠶᠢᠯᠠᠭᠠᠵᠤ ᠂ ᠡᠯ᠎ᠡ ᠠᠩᠭᠢ ᠶ᠋ᠢᠨ ᠬᠢᠴᠢᠶᠡᠯᠯᠡᠭᠡ ᠂ ᠰᠤᠷᠤᠬᠴᠢ ᠶ᠋ᠢᠨ ᠰᠤᠷᠤᠯᠭ᠎ᠠ ᠶ᠋ᠢᠨ ᠳᠠᠷᠤᠭᠠᠰᠤ ᠂ ᠵᠢᠭᠠᠨ ᠰᠤᠷᠭᠠᠬᠤ ᠠᠵᠢᠯ ᠤᠨ ᠠᠬᠢᠴᠠ ᠂ ᠪᠠᠭᠰᠢ ᠰᠤᠷᠤᠬᠴᠢᠤᠨ  ᠦᠵᠡᠯ ᠰᠠᠨᠠᠭᠠᠨ ᠤ ᠢᠯᠡᠷᠡᠯ ᠬᠣᠪᠢᠷᠠᠯᠲᠠ ᠵᠡᠷᠭᠡ ᠶ᠋ᠢ  ᠴᠠᠭ ᠢᠮᠠᠬᠲᠠ ᠤᠶᠢᠯᠠᠭᠠᠵᠤ ᠂ ᠪᠤᠳᠠᠲᠠᠢ ᠬᠠᠷᠠᠯᠲᠠ ᠲᠠᠢ ᠪᠠᠶᠢᠬᠤ ᠬᠡᠷᠡᠭᠲᠡᠢ ᠃ ᠪᠠᠭᠰᠢ ᠨᠠᠷ ᠤᠨ ᠮᠡᠳᠡᠯᠭᠡ ᠴᠢᠳᠠᠪᠤᠷᠢ ᠠᠪᠢᠶᠠᠰ ᠪᠢᠯᠢᠭ ᠂ ᠳᠤᠷ᠎ᠠ ᠪᠠᠬ᠎ᠠ ᠰᠣᠨᠢᠷᠬᠠᠯ ᠢ ᠦᠨᠳᠦᠰᠦᠯᠡᠨ ᠬᠢᠴᠢᠶᠡᠯ ᠲᠦᠷᠦᠯ ᠢ ᠲᠣᠬᠢᠷᠠᠭᠤᠯᠵᠤ ᠂ ᠰᠤᠷᠭᠠᠭᠤᠯᠢ ᠶ᠋ᠢᠨ ᠪᠡᠶ᠎ᠡ ᠲᠠᠮᠢᠷ ᠂ ᠣᠷᠠᠨ ᠰᠠᠶᠢᠬᠠᠨ ᠂ ᠡᠷᠡᠭᠦᠯ ᠬᠠᠮᠠᠭᠠᠯᠠᠯ ᠤᠨ ᠠᠵᠢᠯ ᠢ ᠪᠤᠳᠠᠲᠠᠢ ᠬᠠᠮᠢᠶᠠᠷᠴᠤ ᠂ ᠬᠦᠳᠡᠯᠮᠦᠷᠢ ᠮᠡᠷᠭᠡᠵᠢᠯ ᠦᠨ ᠬᠢᠴᠢᠶᠡᠯ ᠪᠣᠯᠣᠨ ᠬᠢᠴᠢᠶᠡᠯ ᠦᠨ ᠭᠠᠳᠠᠨᠠᠬᠢ ᠬᠣᠶᠠᠳᠤᠭᠠᠷ ᠬᠢᠴᠢᠶᠡᠯᠯᠡᠭᠡ ᠶ᠋ᠢ ᠴᠦ ᠠᠮᠢᠳᠤᠯᠢᠭ ᠲᠣᠬᠢᠷᠠᠭᠤᠯᠤᠨ ᠂ ᠬᠠᠷᠢᠭᠤᠴᠠᠨ ᠠᠩᠬᠠᠷᠴᠤ ᠪᠠᠶᠢᠪᠠᠯ ᠵᠣᠬᠢᠨ᠎ᠠ ᠃ ᠰᠤᠷᠭᠠᠭᠤᠯᠢ ᠶ᠋ᠢᠨ ᠨᠣᠮ ᠪᠢᠴᠢᠭ ᠂ ᠵᠢᠭᠠᠬᠤ ᠪᠠᠭᠠᠵᠢ ᠂ ᠲᠣᠷᠰᠢᠯᠲᠠ ᠶ᠋ᠢᠨ ᠬᠡᠷᠡᠭᠰᠡᠯ ᠢ ᠵᠦᠢ ᠵᠣᠬᠢᠰᠲᠠᠢ ᠠᠰᠢᠬᠯᠠᠭᠤᠯᠬᠤ ᠶ᠋ᠢ ᠠᠩᠬᠠᠷᠴᠤ ᠂ ᠡᠯ᠎ᠡ ᠵᠦᠢᠯ ᠦᠨ ᠬᠠᠮᠢᠶ᠎ᠠ ᠪᠦᠬᠦᠢ ᠬᠦᠰᠦᠨᠦᠭᠲᠦ ᠲᠡᠪᠲᠡᠷ ᠂ ᠳᠠᠩᠰᠠ ᠡᠪᠬᠡᠮᠡᠯ ᠢ ᠪᠣᠯᠪᠠᠰᠤᠷᠠᠩᠭᠤᠢ ᠂ ᠰᠢᠨᠵᠢᠯᠡᠬᠦ ᠤᠬᠠᠭᠠᠴᠢ ᠪᠠᠷ ᠨᠠᠶᠢᠷᠠᠭᠤᠯᠤᠨ ᠬᠡᠷᠡᠭᠯᠡᠵᠦ ᠡᠮᠬᠢᠦᠨᠬᠡᠨ ᠬᠠᠳᠠᠭᠠᠯᠠᠵᠤ ᠴᠢᠳᠠᠬᠤ ᠶ᠋ᠢᠨ ᠬᠠᠮᠳᠣ ᠵᠢᠭᠠᠬᠤ ᠶ᠋ᠢ ᠰᠤᠳᠤᠯᠬᠤ ᠳᠤᠭᠤᠶᠢᠯᠠᠩ ᠤᠨ ᠠᠵᠢᠯᠯᠠᠭ᠎ᠠ ᠶ᠋ᠢ ᠭᠠᠷᠳᠠᠨ ᠬᠠᠮᠢᠶᠠᠷᠬᠤ ᠬᠡᠷᠡᠭᠲᠡᠢ ᠃ ᠦᠨᠡᠨ ᠢ ᠬᠡᠯᠡᠬᠦ ᠳ᠋ᠥ ᠂ ᠰᠤᠷᠭᠠᠭᠤᠯᠢ ᠶ᠋ᠢᠨ ᠡᠯ᠎ᠡ ᠲᠦᠷᠦᠯ ᠦᠨ ᠠᠵᠢᠯ ᠨᠢ ᠵᠢᠭᠠᠨ  ᠰᠤᠷᠭᠠᠯᠳᠠ ᠯᠤᠭ᠎ᠠ ᠨᠢᠬᠲᠠ ᠬᠠᠷᠢᠴᠠᠭ᠎ᠠ ᠲᠠᠢ ᠪᠤᠯᠬᠤᠷ ᠠᠯᠢᠪᠠ ᠲᠣᠬᠢᠷᠠᠭᠤᠯᠭ᠎ᠠ ᠨᠢ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠡᠭᠦᠳᠡ ᠪᠠᠷ ᠦᠩᠭᠡᠷᠡᠬᠦ  ᠴᠢᠬᠤᠯᠠ ᠲᠠᠢ ᠪᠠᠶᠢᠳᠠᠭ ᠃ ᠡᠶᠢᠨᠬᠦ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢ ᠠᠯᠪᠠᠨ ᠭᠡᠷ ᠦᠨ ᠡᠷᠬᠢᠯᠡᠭᠴᠢ ᠭᠡᠬᠦ ᠳ᠋ᠥ ᠠᠷᠠᠢ ᠪᠤᠷᠤᠭᠤ ᠦᠭᠡᠢ ᠶᠤᠮ ᠃
          ᠵᠢᠭᠠᠨ ᠰᠤᠷᠭᠠᠯᠲᠠ ᠶ᠋ᠢ ᠵᠢᠯᠤᠭᠣᠤᠨᠬᠤ ᠪᠣᠯ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠭᠣᠤᠯ ᠠᠵᠢᠯ ᠪᠣᠯᠤᠨ᠎ᠠ ᠃ ᠡᠶᠢᠨᠬᠦ ᠂ ᠬᠢᠴᠢᠶᠡᠯ ᠬᠦᠮᠦᠵᠢᠯ ᠦ᠋ᠨ ᠡᠷᠬᠢᠯᠡᠭᠴᠢ ᠨᠢ ᠡᠷᠬᠡᠪᠰᠢ ᠲᠤᠬᠠᠶᠢᠯᠠᠬᠰᠠᠨ ᠠᠵᠢᠯ ᠤᠨ ᠴᠢᠳᠠᠪᠤᠷᠢ ᠲᠠᠢ ᠲᠣᠷᠰᠢᠯᠭ᠎ᠠ ᠰᠠᠶᠢᠲᠠᠢ ᠤᠷᠤᠬᠰᠢᠯᠠᠨ ᠳᠠᠪᠰᠢᠬᠤ ᠵᠣᠷᠢᠭ ᠲᠠᠢ ᠤᠬᠠᠭᠠᠨ ᠰᠠᠮᠪᠠᠭ᠎ᠠ ᠪᠦᠬᠦᠢ ᠤᠶᠢᠯᠡᠰᠴᠢ ᠦᠵᠡᠯ ᠲᠠᠢ ᠬᠦᠮᠦᠨ ᠪᠠᠶᠢᠪᠠᠯ ᠵᠣᠬᠢᠨ᠎ᠠ ᠃ ᠬᠢᠴᠢᠶᠡᠯ ᠬᠦᠮᠦᠵᠢᠯ ᠦᠨ ᠡᠷᠬᠢᠯᠡᠭᠴᠢ ᠪᠣᠯᠤᠬᠰᠠᠤᠨ ᠨᠢ ᠪᠠᠭᠰᠢ ᠨᠠᠷ ᠤᠨ ᠠᠵᠢᠯ ᠳ᠋ᠥ ᠢᠳᠡᠪᠬᠢᠲᠡᠢ ᠵᠣᠷᠢᠬᠵᠢᠭᠤᠯᠤᠯ ᠦᠭᠴᠦ ᠬᠠᠯᠠᠭᠤᠨ ᠳᠡᠮᠵᠢᠯᠭᠡ ᠦᠵᠡᠭᠦᠯᠦᠨ ᠂ ᠣᠨᠤᠯ ᠤᠶᠢᠯᠡᠳᠦᠯᠭᠡ ᠶ᠋ᠢᠨ ᠬᠣᠪᠢ ᠳ᠋ᠥ ᠪᠤᠳᠠᠲᠠᠢ ᠵᠢᠯᠤᠭᠤᠣᠨᠴᠤ ᠪᠠᠶᠢᠬᠤ ᠬᠡᠷᠡᠭᠲᠡᠢ ᠃ ᠭᠡᠬᠦ ᠳ᠋ᠡᠬᠡᠨ ᠰᠤᠷᠭᠠᠨ ᠬᠦᠮᠦᠵᠢᠭᠦᠯᠬᠦ ᠤᠬᠠᠭᠠᠨ ᠂ ᠰᠡᠦᠨᠬᠢᠴᠡ ᠶ᠋ᠢᠨ ᠵᠦᠢ ᠪᠣᠯᠣᠨ ᠵᠢᠭᠠᠬᠤ ᠠᠷᠭ᠎ᠠ ᠶ᠋ᠢ ᠰᠠᠶᠢᠳᠤᠷ ᠰᠤᠷᠤᠯᠴᠠᠨ ᠦᠨᠡᠨᠬᠦ ᠡᠵᠡᠮᠰᠢᠵᠦ ᠠᠵᠢᠯ ᠢᠶᠡᠨ ᠥᠷᠨᠢᠭᠦᠯᠬᠦ ᠳ᠋ᠥ ᠣᠨᠣᠯ ᠤᠨ ᠵᠢᠯᠤᠭᠤᠳᠤᠯᠭ᠎ᠠ ᠲᠠᠢ ᠪᠠᠶᠢᠬᠤ ᠶ᠋ᠢ ᠠᠩᠬᠠᠷᠤᠯ ᠳ᠋ᠠᠭᠠᠨ ᠠᠪᠴᠤ ᠂ ᠰᠣᠬᠣᠷ ᠪᠠᠯᠠᠢ ᠪᠠᠷ ᠵᠢᠯᠤᠭᠣᠤᠨᠬᠤ ᠡᠴᠠ ᠵᠠᠶᠢᠯᠠᠰᠬᠢᠪᠠᠯ ᠵᠣᠬᠢᠨ᠎ᠠ ᠃ ᠡᠷᠬᠡᠪᠰᠢ ᠡᠯ᠎ᠡ ᠲᠦᠷᠦᠯ ᠦᠨ ᠬᠢᠴᠢᠶᠡᠯ ᠦᠨ ᠵᠢᠭᠠᠬᠤ ᠫᠷᠦᠭᠷᠡᠮ ᠂ ᠲᠦᠯᠦᠪᠯᠡᠭᠡ ᠶ᠋ᠢᠨ ᠭᠣᠤᠯ ᠠᠭᠤᠯᠭ᠎ᠠ ᠂ ᠦᠨᠳᠦᠰᠦᠨ ᠱᠠᠭᠠᠷᠳᠠᠯᠭ᠎ᠠ ᠶ᠋ᠢ ᠴᠢᠳᠠᠬᠤᠶᠢᠴᠠ ᠴᠢᠷᠮᠠᠶᠢᠨ ᠡᠵᠡᠮᠰᠢᠵᠦ ᠪᠤᠳᠠᠲᠠᠢ ᠵᠢᠯᠤᠭᠣᠤᠨᠬᠤ ᠳ᠋ᠥ ᠠᠰᠢᠭ ᠲᠠᠢ ᠪᠠᠶᠢᠯᠭᠠᠬᠤ ᠬᠡᠷᠡᠭᠲᠡᠢ ᠃ ᠨᠡᠩ ᠢᠯᠠᠩᠭᠤᠶ᠎ᠠ ᠂ ᠪᠠᠭᠰᠢ ᠪᠠ ᠣᠯᠠᠨ ᠰᠤᠷᠤᠬᠴᠢ ᠶ᠋ᠢᠨ ᠶᠡᠷᠦᠩᠬᠡᠢ ᠪᠠᠶᠢᠳᠠᠯ ᠢ ᠡᠵᠡᠮᠳᠡᠵᠦ ᠂ ᠲᠡᠳᠡᠨᠡᠷ ᠦᠨ ᠠᠮᠢᠳᠤᠷᠠᠯ ᠤᠨ ᠪᠤᠳᠠᠳᠤ ᠪᠠᠶᠢᠳᠠᠯ ᠂ ᠰᠣᠶᠣᠯ ᠮᠡᠳᠡᠯᠭᠡ ᠶ᠋ᠢᠨ ᠬᠡᠮᠵᠢᠶ᠎ᠡ ᠂ ᠲᠤᠰᠬᠠᠢ ᠮᠡᠷᠭᠡᠵᠢᠯ ᠦᠨ ᠴᠢᠳᠠᠪᠤᠷᠢ ᠂ ᠥᠪᠡᠷᠮᠢᠴᠡ ᠲᠣᠷ᠎ᠠ ᠰᠣᠨᠢᠷᠬᠠᠯ ᠂ ᠰᠤᠷᠴᠤ ᠰᠤᠷᠭᠠᠬᠤ ᠣᠨᠴᠠᠯᠢᠭ ᠂ ᠡᠷᠡᠭᠦᠯ ᠮᠡᠨᠳᠦ ᠶ᠋ᠢᠨ ᠪᠠᠶᠢᠳᠠᠯ ᠵᠡᠷᠭᠡ ᠶ᠋ᠢ ᠪᠤᠳᠠᠲᠠᠢ ᠤᠶᠢᠯᠠᠭᠠᠵᠤ ᠵᠢᠭᠠᠨ ᠵᠢᠯᠤᠭᠣᠤᠨᠬᠤ ᠳ᠋ᠠᠭᠠᠨ ᠬᠠᠷᠠᠯᠲᠠ ᠲᠠᠢ ᠪᠠᠶᠢᠬᠤ ᠬᠡᠷᠡᠭᠲᠡᠢ ᠃ ᠡᠩ ᠦᠨ ᠪᠠᠭᠰᠢ ᠡᠴᠠ ᠬᠡᠳᠦᠶᠢᠳᠦᠭᠰᠡᠨ ᠰᠣᠶᠣᠯ ᠤᠨ ᠮᠡᠳᠡᠯᠭᠡ ᠠᠵᠢᠯ ᠤᠨ ᠴᠢᠳᠠᠪᠦᠷᠢ ᠦᠭᠡᠢ ᠪᠣᠯ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠠᠯᠪᠠ ᠬᠠᠭᠠᠵᠤ ᠵᠢᠭᠠᠨ ᠰᠤᠷᠭᠠᠯᠲᠠ ᠶ᠋ᠢ ᠵᠢᠯᠤᠭᠣᠤᠨᠬᠤ ᠭᠡᠭᠴᠢ ᠪᠠᠰᠠ ᠲᠦᠪᠡᠭ ᠬᠦᠴᠢᠷ ᠲᠠᠢ ᠶᠠᠪᠤᠳᠠᠯ ᠮᠦᠨ ᠃ ᠡᠶᠢᠨᠬᠦ ᠂ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠠᠯᠪᠠᠨ ᠳ᠋ᠥ ᠭᠢᠯᠠᠷᠠᠭᠤᠯᠵᠤ ᠶᠠᠪᠤᠭ᠎ᠠ ᠵᠠᠯᠠᠭᠤ ᠢᠳᠡᠷ ᠪᠠᠭᠰᠢ ᠨᠠᠷ ᠦᠷᠬᠦᠯᠵᠢᠯᠡᠨ ᠰᠤᠷᠤᠯᠴᠠᠯᠭ᠎ᠠ ᠶ᠋ᠢ ᠴᠢᠩᠭᠠᠤᠨᠬᠠᠨ ᠮᠡᠳᠡᠯᠭᠡ ᠪᠠᠨ ᠨᠡᠮᠡᠭᠳᠡᠭᠦᠯᠵᠦ ᠴᠢᠳᠠᠪᠦᠷᠢ ᠪᠠᠨ ᠳᠡᠭᠡᠭᠰᠢᠯᠡᠭᠦᠯᠦᠨ ᠣᠯᠠᠨ ᠤ ᠳᠤᠮᠳᠠᠬᠢ ᠢᠲᠡᠬᠡᠯ ᠬᠦᠨᠳᠦ ᠪᠠᠨ ᠠᠩᠬᠠᠷᠴᠤ ᠂ 《 ᠲᠣᠯᠤᠭᠠᠢ ᠰᠢᠭᠢᠷ᠎ᠡ ᠲᠠᠢ ᠪᠠᠨ ᠨᠡᠶᠢᠯᠡᠵᠦ ᠲᠣᠭᠤᠭ᠎ᠠ ᠲᠦᠭᠦᠷᠡᠬᠦ 》 ᠵᠣᠷᠢᠭ ᠰᠠᠨᠠᠭ᠎ᠠ ᠶ᠋ᠢ ᠡᠪᠦᠷᠯᠡᠨ ᠣᠯᠠᠨ ᠢ ᠳᠠᠶᠢᠴᠢᠯᠠᠵᠤ《ᠣᠷᠭᠢᠯ ᠳ᠋ᠤᠷ ᠭᠠᠷᠬᠤ ᠣᠮᠣᠭ ᠵᠤᠷᠢᠭ》 ᠢᠶᠠᠷ ᠠᠵᠢᠯ ᠳ᠋ᠠᠭᠠᠨ ᠲᠡᠮᠡᠦᠯᠵᠦ ᠪᠠᠶᠢᠪᠠᠯ ᠬᠣᠪᠢᠨ ᠤ ᠪᠠᠨ ᠬᠠᠷᠢᠭᠤᠴᠠᠯᠭ᠎ᠠ ᠶ᠋ᠢ ᠯᠠᠪᠲᠠᠢ ᠭᠦᠢᠴᠡᠦᠨᠬᠡᠵᠦ ᠲᠤᠰᠢᠶᠠᠯ ᠳ᠋ᠠᠭᠠᠨ ᠦᠨᠡᠨᠬᠦ ᠬᠢᠷᠢ ᠲᠡᠩᠴᠡᠵᠦ ᠪᠤᠯᠬᠣ ᠶᠤᠮ ᠃
         ᠵᠢᠭᠠᠨ ᠰᠤᠷᠭᠠᠯᠲᠠ ᠶ᠋ᠢ ᠰᠤᠳᠤᠯᠬᠤ ᠪᠣᠯ ᠬᠢᠴᠢᠶᠡᠯ ᠬᠦᠮᠦᠵᠢᠯ ᠦᠨ ᠡᠷᠬᠢᠯᠡᠭᠴᠢ ᠶ᠋ᠢᠨ ᠡᠷᠬᠡᠪᠰᠢ ᠭᠦᠢᠴᠡᠦᠨᠬᠡᠬᠦ ᠴᠢᠬᠤᠯᠠ ᠲᠠᠢ ᠠᠵᠢᠯᠯᠠᠭ᠎ᠠ ᠪᠣᠯᠤᠨ᠎ᠠ ᠃ ᠳᠠᠷᠤᠢ ᠬᠢᠴᠢᠶᠡᠯ ᠬᠦᠮᠦᠵᠢᠯ ᠦᠨ ᠡᠷᠬᠢᠯᠡᠭᠴᠢ ᠨᠢ ᠵᠢᠭᠠᠨ ᠰᠤᠷᠭᠠᠯᠲᠠ ᠶ᠋ᠢ ᠰᠤᠳᠤᠯᠬᠤ ᠠᠵᠢᠯᠯᠠᠭᠠᠨ ᠤ ᠵᠣᠬᠢᠶᠠᠨ ᠪᠠᠶᠢᠭᠤᠯᠤᠬᠴᠢ ᠮᠦᠷᠳᠡᠭᠡᠨ ᠵᠢᠭᠠᠨ ᠵᠢᠯᠤᠭᠤᠳᠤᠬᠴᠢ ᠪᠠᠶᠢᠬᠤ ᠶᠣᠰᠤᠲᠠᠢ ᠃ ᠵᠢᠭᠠᠬᠤ ᠶ᠋ᠢ ᠰᠤᠳᠤᠯᠬᠤ ᠠᠵᠢᠯᠯᠠᠭ᠎ᠠ ᠶ᠋ᠢ ᠴᠢᠩᠭ᠎ᠠ ᠠᠤᠨᠬᠤᠵᠤ ᠨᠢᠮᠪᠠᠢ ᠪᠠᠶᠢᠷᠢᠯᠠᠭᠤᠯᠤᠨ ᠴᠢᠨᠠᠷᠯᠢᠭ ᠥᠷᠨᠢᠭᠦᠯᠬᠦ ᠨᠢ ᠬᠦᠮᠦᠨ ᠦ ᠲᠠᠨᠢᠯᠲᠠ ᠪᠣᠯᠣᠨ ᠴᠢᠳᠠᠪᠦᠷᠢ ᠲᠠᠢ ᠬᠣᠯᠪᠤᠬᠳᠠᠨ᠎ᠠ ᠃ ᠵᠢᠭᠠᠨ ᠰᠤᠷᠭᠠᠯᠲᠠ ᠶ᠋ᠢᠨ ᠰᠤᠳᠤᠯᠤᠯᠲᠠ ᠳ᠋ᠥ ᠦᠵᠡᠭᠦᠯᠦᠯᠭᠡ ᠶ᠋ᠢᠨ ᠬᠢᠴᠢᠶᠡᠯ ᠵᠡᠷᠭᠡ ᠶ᠋ᠢ ᠴᠢᠨᠠᠷᠵᠢᠭᠤᠨ ᠬᠢᠵᠦ ᠬᠠᠷᠢᠯᠴᠠᠨ ᠬᠢᠴᠢᠶᠡᠯ ᠰᠣᠨᠤᠰᠴᠤ ᠪᠦᠳᠦᠮᠵᠢᠲᠠᠢ ᠰᠠᠶᠢᠨ ᠵᠢᠭᠠᠬᠤ ᠠᠷᠭ᠎ᠠ ᠪᠠᠷᠢᠯ ᠢ ᠡᠷᠢᠯᠬᠢᠯᠡᠨ ᠰᠤᠳᠤᠯᠬᠤ ᠂ ᠵᠢᠭᠠᠨ ᠰᠤᠷᠭᠠᠬᠤ ᠲᠣᠷᠰᠢᠯᠭ᠎ᠠ ᠰᠤᠷᠭᠠᠮᠵᠢ ᠪᠠᠨ ᠳ᠋ᠦᠩᠨᠡᠨ ᠬᠣᠷᠠᠮᠳᠤᠭᠤᠯᠵᠤ ᠲᠡᠯᠭᠡᠷᠡᠭᠦᠯᠬᠦ ᠂ ᠲᠤᠰᠬᠠᠢ ᠰᠡᠳᠦᠪ ᠦᠨ ᠰᠤᠳᠤᠯᠭᠠᠨ ᠪᠠ ᠵᠢᠭᠠᠨ ᠰᠤᠷᠭᠠᠬᠤ ᠦᠭᠡᠷᠡᠴᠢᠯᠡᠯᠳᠡ ᠶ᠋ᠢᠨ ᠲᠣᠷᠰᠢᠯᠲᠠ ᠂ ᠰᠤᠷᠭᠠᠨ ᠬᠦᠮᠦᠵᠢᠯ ᠦᠨ ᠪᠠᠶᠢᠴᠠᠭᠠᠯᠲᠠ ᠬᠢᠬᠦ ᠲᠠᠯ᠎ᠠ ᠪᠠᠷ ᠰᠤᠳᠤᠯᠤᠯᠲᠠ ᠣᠷᠤᠯᠳᠤᠯᠭ᠎ᠠ ᠲᠠᠢ ᠪᠠᠶᠢᠵᠤ ᠂ ᠠᠷᠭ᠎ᠠ ᠮᠠᠶᠢᠭ ᠂ ᠠᠯᠬᠤᠮ ᠳᠠᠷᠠᠭ᠎ᠠ ᠨᠢ ᠲᠣᠳᠤᠷᠬᠠᠢ ᠂ ᠯᠠᠪᠳᠠᠭᠤᠨ ᠪᠠᠳᠤᠲᠠᠢ  ᠳᠣᠬᠢᠷᠠᠭᠤᠯᠭ᠎ᠠ ᠲᠦᠯᠦᠪᠯᠡᠭᠡ ᠪᠠᠶᠢᠴᠠᠭᠠᠯᠲᠠ ᠳ᠋ᠦᠩᠨᠡᠯᠲᠡ ᠲᠠᠢ ᠪᠠᠶᠢᠬᠤ ᠬᠡᠷᠡᠭᠲᠡᠢ ᠃ ᠪᠣᠯᠤᠮᠠᠷ ᠵᠦᠢᠯ ᠪᠦᠳᠦᠮᠵᠢᠲᠠᠢ ᠲᠣᠷᠰᠢᠯᠭ᠎ᠠ ᠶ᠋ᠢ ᠨᠢ ᠡᠮᠬᠢᠦᠨᠬᠡᠨ ᠲᠢᠭᠯᠡᠵᠦ ᠰᠣᠨᠢᠨ ᠰᠡᠦᠨᠬᠦᠯ ᠳ᠋ᠥ ᠨᠡᠶᠢᠳᠡᠯᠡᠭᠦᠯᠦᠨ ᠨᠡᠶᠢᠭᠡᠮ ᠳ᠋ᠥ ᠲᠡᠯᠭᠡᠷᠡᠭᠦᠯᠵᠦ ᠨᠡᠶᠢᠲᠡ ᠡᠴᠡ ᠰᠠᠨᠠᠯ ᠬᠤᠷᠢᠶᠠᠵᠤ ᠦᠨᠳᠦᠰᠦᠳᠡᠨ ᠦ ᠪᠠᠨ ᠰᠤᠷᠭᠠᠨ ᠬᠦᠮᠦᠵᠢᠯ ᠦᠨ ᠥᠷᠨᠢᠯ ᠬᠦᠭᠵᠢᠯ ᠳ᠋ᠥ ᠥᠴᠦᠬᠡᠨ ᠴᠦ ᠭᠡᠰᠡᠨ ᠬᠣᠪᠢ ᠨᠡᠮᠡᠷᠢ ᠪᠤᠯᠭᠠᠵᠤ ᠶᠠᠪᠤᠬᠤ ᠶ᠋ᠢ ᠠᠩᠬᠠᠷᠴᠤ ᠪᠠᠶᠢᠪᠠᠯ ᠵᠣᠬᠢᠨ᠎ᠠ  ᠃

       ᠰᠤᠷᠭᠠᠭᠤᠯᠢ ᠶ᠋ᠢᠨ ᠠᠵᠢᠯ ᠤᠨ ᠭᠣᠤᠯᠳᠠᠯᠭ᠎ᠠ ᠶ᠋ᠢ ᠬᠠᠮᠢᠶᠠᠷᠴᠤ ᠂ ᠰᠤᠷᠭᠠᠭᠤᠯᠢ ᠶ᠋ᠢᠨ ᠵᠠᠬᠢᠷᠤᠯ ᠤᠨ ᠭᠠᠷ ᠬᠠᠪᠰᠤᠷᠤᠬᠴᠢ ᠪᠣᠯᠤᠬᠰᠠᠨ ᠬᠢᠴᠢᠶᠡᠯ ᠬᠦᠮᠦᠵᠢᠯ ᠦᠨ ᠭᠠᠵᠠᠷ ᠤᠨ ᠡᠷᠬᠢᠯᠡᠭᠴᠢ ᠡᠶᠢᠨᠬᠦ 《 ᠬᠠᠮᠢᠶᠠᠷᠬᠤ ᠂ ᠵᠢᠯᠤᠭᠣᠤᠨᠬᠤ ᠂ ᠰᠤᠳᠤᠯᠬᠤ 》 ᠠᠵᠢᠯ ᠳ᠋ᠥ ᠣᠰᠤᠯᠳᠠᠯ ᠦᠭᠡᠢ ᠪᠠᠶᠢᠪᠠᠰᠤ ᠮᠠᠨ ᠤ ᠦᠨᠳᠦᠰᠦᠳᠡᠨ ᠦ ᠰᠤᠷᠭᠠᠨ ᠬᠦᠮᠦᠵᠢᠯ ᠦᠨ ᠶᠠᠰᠤ ᠴᠢᠨᠠᠷ ᠯᠠᠪᠲᠠᠢ ᠲᠡᠭᠡᠭᠰᠢᠯᠡᠭᠳᠡᠬᠦ ᠶ᠋ᠢ ᠪᠢ ᠪᠠᠳᠤ ᠢᠳᠡᠭᠡᠵᠦ  ᠪᠠᠶᠢᠨᠠᠮ ᠃                                                                    ᠯᠢ  ᠪᠤᠶᠠᠨᠴᠤᠭᠯᠠ  ᠮᠡᠳᠡᠭᠡᠯᠡᠪᠡ
ᠢᠷᠡᠯᠳᠡ᠄ ᠨᠠᠶᠢᠷᠠᠭᠤᠯᠤᠭᠴᠢ᠄ ᠭᠤᠤ ᠾᠥᠩ ᠮᠸᠢ

ᠬᠠᠮᠢᠶ᠎ᠡ ᠪᠦᠬᠦᠢ ᠰᠣᠨᠢᠨ