ᠨᠠᠢᠮᠠᠨ ᠬᠤᠰᠢᠭᠤᠨ ᠤ ᠲᠦᠷᠪᠡᠳᠦᠭᠡᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶ᠋ᠢᠨ ᠤᠷᠠᠯᠢᠭ ᠤᠨ ᠨᠠᠶᠢᠷ ᠵᠢᠴᠢ ᠠᠩᠬᠠᠳᠤᠭᠠᠷ ᠤᠳᠠᠭᠠᠨ ᠤ ᠪᠠᠭᠰᠢ ᠰᠤᠷᠤᠭᠴᠢ ᠶ᠋ᠢᠨ ᠨᠠᠶᠢᠷᠠᠯ ᠲᠠᠭᠤᠤ ᠶ᠋ᠢᠨ ᠤᠷᠤᠯᠳᠤᠭᠠᠨ ᠠᠮᠵᠢᠯᠳᠠ ᠲᠠᠢ ᠶᠠᠪᠤᠭᠳᠠᠪᠠ

ᠣᠩᠰᠢᠭᠰᠠᠨ ᠤᠳᠠᠭ᠎ᠠ ᠄ 2835     ᠨᠡᠶᠢᠳᠡᠯᠡᠭᠰᠡᠨ ᠴᠠᠭ ᠄ 2017/11/22 14:48:13

     


          ᠨᠠᠢᠮᠠᠨ ᠬᠤᠰᠢᠭᠤᠨ ᠤ ᠲᠦᠷᠪᠡᠳᠦᠭᠡᠷ ᠬᠤᠭᠤᠴᠠᠭᠠᠨ ᠤ ᠲᠤᠮᠳᠠᠳᠤ ᠪᠠᠭ᠎ᠠ ᠰᠤᠷᠭᠠᠭᠤᠯᠢ ᠶ᠋ᠢᠨ ᠤᠷᠠᠯᠢᠭ ᠤᠨ ᠨᠠᠶᠢᠷ ᠵᠢᠴᠢ ᠠᠩᠬᠠᠳᠤᠭᠠᠷ ᠤᠳᠠᠭᠠᠨ ᠤ ᠪᠠᠭᠰᠢ ᠰᠤᠷᠤᠭᠴᠢ ᠶ᠋ᠢᠨ ᠨᠠᠶᠢᠷᠠᠯ ᠲᠠᠭᠤᠤ ᠶ᠋ᠢᠨ ᠤᠷᠤᠯᠳᠤᠭᠠᠨ2017 ᠣᠨ ᠤ11 ᠰᠠᠷ᠎ᠠ ᠶ᠋ᠢᠨ21 ᠤ ᠡᠳᠦᠷ  ᠠᠮᠵᠢᠯᠳᠠ ᠲᠠᠢ ᠶᠠᠪᠤᠭᠳᠠᠪᠠ ᠃ ᠤᠷᠠᠯᠢᠭ ‍ᠤᠨ ᠨᠠᠶᠢᠷ ᠨᠡᠶᠢᠳᠡ 3 ᠨᠠᠶᠢᠷ ‍ᠤᠨ ᠲᠠᠯᠠᠪᠤᠷ ᠢᠶᠠᠷ ᠬᠤᠪᠢᠶᠠᠭᠳᠠᠨ  ᠶᠠᠪᠤᠭᠳᠠᠵᠠᠢ ᠃ ᠨᠢᠭᠡᠳᠦᠭᠡᠷ ᠲᠤᠮᠳᠠᠳᠤ  ᠰᠤᠷᠭᠠᠭᠤᠯᠢ  ᠶ᠋ᠢᠨ ᠶᠣᠰᠤᠯᠠᠯ ‍ᠤᠨ ᠲᠠᠩᠬᠢᠮ ᠳ᠋ᠥ ᠤᠷᠠᠯᠢᠭ ‍ᠤᠨ ᠨᠠᠶᠢᠷ ᠪᠠ  ᠪᠠᠭᠰᠢ ᠰᠤᠷᠤᠭᠴᠢ ᠶ᠋ᠢᠨ ᠨᠠᠶᠢᠷᠠᠯ ᠲᠠᠭᠤᠤ ᠶ᠋ᠢᠨ  ᠶᠡᠬᠡ ᠤᠷᠤᠯᠳᠤᠭᠠᠨ ᠬᠢᠵᠦ ᠂ ᠬᠦᠯ ᠪᠦᠮᠪᠦᠭᠡᠨ ᠤ ᠶᠡᠷᠦᠩᠬᠡᠶᠢᠯᠡᠭᠰᠡᠨ ᠪᠤᠯᠪᠠᠰᠤᠷᠠᠬᠤ ᠭᠠᠵᠠᠷ ᠵᠠᠭᠤᠨ ᠮᠸᠲ᠋ᠷ ‍ᠤᠨ ᠤᠷᠳᠤ ᠡᠪᠬᠡᠮᠡᠯ ᠵᠢᠷᠤᠭ ‍ᠤᠨ ᠤᠷᠤᠯᠳᠤᠭᠠᠨ ᠬᠢᠵᠦ ᠂ ᠰᠤᠷᠭᠠᠨ ᠬᠦᠮᠦᠵᠢᠯ ᠪᠡᠶ᠎ᠡ ᠲᠠᠮᠢᠷ ‍ᠤᠨ ᠲᠣᠪᠴᠢᠶ᠎ᠠ ᠶ᠋ᠢᠨ  ᠬᠤᠷᠠᠯ ‍ᠤᠨ ᠲᠠᠩᠬᠢᠮ ᠳ᠋ᠥ ᠬᠠᠳᠠᠭᠤ ᠵᠦᠭᠡᠯᠡᠨ ᠦᠵᠦᠭ ‍ᠤᠨ ᠤᠷᠠᠨ ᠪᠢᠴᠢᠯᠭᠡ ᠶ᠋ᠢᠨ ᠤᠷᠤᠯᠳᠤᠭᠠᠨ  ᠬᠢᠵᠠᠢ  ᠃ ᠤᠷᠤᠯᠳᠤᠭᠠᠨ ᠳ᠋ᠥ ᠣᠷᠤᠯᠴᠠᠭᠰᠠᠨ ᠰᠤᠷᠤᠭᠴᠢ ᠨᠡᠶᠢᠳᠡ ᠮᠢᠩᠭ᠎ᠠ ᠶᠢᠰᠦᠨ ᠵᠠᠭᠤ ᠢᠯᠡᠭᠦᠦ ᠪᠠᠶᠢᠵᠤ ᠂ ᠤᠷᠤᠯᠳᠤᠭᠠᠨ ᠳ᠋ᠥ ᠣᠷᠤᠯᠴᠠᠭᠰᠠᠨ ᠪᠠᠭᠰᠢ ᠨᠡᠶᠢᠳᠡ ᠵᠠᠭᠤ ᠬᠣᠷᠢᠨ ᠬᠡᠳᠦ ᠪᠠᠶᠢᠵᠤ ᠂ ᠪᠠᠭᠰᠢ ᠰᠤᠷᠤᠭᠴᠢ ᠪᠦᠷ ᠤᠷᠮ᠎ᠠ ᠲᠡᠭᠦᠯᠳᠡᠷ ᠂ ᠤᠷᠭᠢᠯᠦᠮ᠎ᠠ ᠬᠠᠯᠠᠭᠤᠨ ᠰᠡᠳᠭᠢᠯᠭᠡ ᠲᠠᠢ ᠪᠠᠶᠢᠵᠤ ᠂ ᠮᠠᠨ ᠤ ᠬᠤᠰᠢᠭᠤᠨ ᠤ ᠪᠠᠭᠰᠢ ᠰᠤᠷᠤᠭᠴᠢ ᠶ᠋ᠢᠨ ᠤᠷᠠᠯᠢᠭ ᠲᠤ ᠬᠠᠶᠢᠷ᠎ᠠ ᠲᠠᠢ ᠪᠠᠶᠢᠬᠤ ᠵᠢ ᠭᠦᠢᠴᠡᠳ ᠬᠠᠷᠠᠭᠤᠯᠵᠠᠢ ᠃  (ᠭᠤᠤ ᠾᠤᠢᠩ ᠮᠧᠢ  ᠮᠡᠳᠡᠭᠡᠯᠡᠪᠡ)








ᠢᠷᠡᠯᠳᠡ᠄ ᠨᠠᠶᠢᠷᠠᠭᠤᠯᠤᠭᠴᠢ᠄ ᠭᠤᠤ ᠾᠤᠢᠩ ᠮᠧᠢ

ᠬᠠᠮᠢᠶ᠎ᠡ ᠪᠦᠬᠦᠢ ᠰᠣᠨᠢᠨ