ᠨᠠᠢ᠌ᠮᠠᠨ ᠬᠤᠰᠢᠭᠤ ᠰᠠᠭᠤᠭᠠᠯᠢ ᠠᠷᠠᠳ ᠤᠨ ᠡᠷᠡᠭᠦᠯ ᠴᠢᠭᠢᠷᠠᠭ ᠤᠨ ᠳᠠᠩᠰᠨ ᠡᠪᠬᠡᠮᠡᠯ ᠢ ᠬᠢᠨᠠᠨ ᠡᠮᠬᠢᠳᠬᠡᠬᠦ ᠠᠵᠢᠯ  ᠢ ᠢᠳᠡᠪᠬᠢᠲᠡᠢ ᠦᠷᠨᠢᠭᠦᠯᠵᠦ ᠪᠣᠢ

ᠣᠩᠰᠢᠭᠰᠠᠨ ᠤᠳᠠᠭ᠎ᠠ ᠄ 2931     ᠨᠡᠶᠢᠳᠡᠯᠡᠭᠰᠡᠨ ᠴᠠᠭ ᠄ 2018/3/22 9:04:33


       ᠳᠠᠩᠰᠠ ᠡᠪᠬᠡᠮᠡᠯ ᠦᠨ ᠲᠦᠷᠢᠮᠵᠢᠯᠲᠡ ᠶᠢ ᠴᠢᠩᠭᠠᠳᠬᠠᠵᠤ᠂ ᠲᠠᠩᠰᠠ ᠡᠪᠬᠡᠮᠡᠯ ᠦᠨ  ᠦᠢᠯᠡᠳᠤᠯ ᠢ ᠭᠦᠢᠴᠡᠳ ᠪᠠᠳᠠᠷᠠᠭᠤᠯᠤᠨ᠂ ᠦᠨᠳᠦᠰᠦᠨ ᠨᠡᠢᠲᠡ ᠶᠢᠨ ᠡᠷᠡᠭᠦᠯ ᠬᠠᠮᠠᠭᠠᠯᠠᠯ   ᠦᠨ ᠦᠢᠯᠡᠴᠢᠯᠡᠭᠡᠨ ᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠦᠯᠦᠭᠡ᠂ ᠨᠠᠢ᠌ᠮᠠᠨ ᠬᠤᠰᠢᠭᠤᠨ ᠤ ᠡᠯ᠎ᠡ ᠦᠨᠳᠦᠰᠦᠨ ᠱᠠᠳᠤᠨ ᠤ ᠡᠮ ᠡᠮᠨᠡᠯᠭᠡ ᠶᠢᠨ ᠪᠠᠢᠭᠤᠯᠤᠮᠵᠢ ᠶᠢᠨ ᠬᠢᠨ᠂ ᠰᠠᠭᠤᠭᠠᠯᠢ ᠠᠷᠠᠳ ᠤᠨ  ᠡᠷᠡᠭᠦᠯ ᠴᠢᠭᠢᠷᠠᠭ ᠤᠨ ᠡᠯᠧᠺᠲᠷᠣᠨ ᠳᠠᠩᠰᠠ ᠡᠪᠬᠡᠮᠡᠯ ᠦᠨ  ᠳᠠᠩᠰᠠᠯᠠᠭᠰᠠᠨ ᠨᠤᠷᠮ᠎ᠠ ᠨᠢ ᠬᠠᠭᠤᠷᠮᠠᠭ ᠦᠨᠳᠦᠷ ᠪᠠ  ᠳᠦᠷᠢᠮᠵᠢᠯ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠲᠠᠷᠢᠶᠠᠯᠠᠩ ᠤᠨ ᠰᠡᠯᠡᠭᠦᠤ ᠴᠠᠭ ᠢ ᠠᠰᠢᠭᠯᠠᠵᠤ᠂  ᠪᠦᠬᠦ ᠬᠦᠴᠦᠨ ᠢᠶᠡᠨ ᠲᠦᠪᠯᠡᠷᠡᠭᠦᠯᠦᠨ᠂ ᠪᠦᠬᠦ ᠬᠤᠰᠢᠭᠤᠨ ᠤ ᠰᠠᠭᠤᠭᠠᠯᠢ ᠠᠷᠠᠳ ᠤᠨ ᠡᠷᠡᠭᠦᠯ ᠴᠢᠭᠢᠷᠠᠭ ᠤᠨ ᠡᠯᠧᠺᠲᠷᠣᠨ ᠳᠠᠩᠰᠠ ᠡᠪᠬᠡᠮᠡᠯ ᠳᠦ ᠬᠢᠨᠠᠨ  ᠡᠮᠬᠢᠯᠡᠯᠳᠠ ᠬᠢᠵᠤ ᠪᠣᠢ᠃  ᠲᠤᠬᠠᠢᠯᠠᠭᠰᠠᠨ ᠠᠵᠢᠯ ᠤᠨ ᠠᠵᠢᠯᠲᠡᠳ ᠪᠠ ᠭᠠᠴᠠᠭ᠎ᠠ ᠲᠤᠰᠬᠤᠨ ᠤ ᠡᠮᠴᠢ ᠶᠢ ᠵᠤᠬᠢᠶᠠᠨ ᠪᠠᠢᠭᠤᠯᠵᠤ᠂  ᠤᠳᠤᠬᠠᠨ ᠳᠤ ᠪᠠᠢᠭ᠎ᠠ ᠳᠠᠩᠰᠠ ᠡᠪᠬᠡᠮᠡᠯ ᠳᠦ ᠢᠯᠭᠠᠨ  ᠲᠤᠳᠤᠯᠤᠯᠲᠠ  ᠬᠢᠨ᠂ ᠯᠤᠭᠢᠭ ᠤᠨ ᠬᠠᠷᠢᠴᠠᠭ᠎ᠠ ᠶᠢᠨ ᠠᠯᠳᠠᠭ᠎ᠠ ᠪᠠ ᠪᠤᠳᠠᠳᠤ ᠪᠠᠢᠳᠠᠯ ᠲᠠᠢ ᠨᠡᠢᠴᠡᠬᠦ ᠦᠭᠡᠢ ᠴᠢᠮᠡᠭᠡ ᠵᠠᠩᠭᠢ ᠳᠤ ᠵᠠᠰᠠᠯᠲᠠ ᠤᠷᠤᠭᠤᠯᠵᠤ᠂ ᠤᠨᠴᠠᠭᠠᠢᠯᠠᠨ ᠨᠢᠭᠡᠨᠲᠡ ᠦᠬᠦᠭᠰᠡᠨ᠂ ᠡᠷᠦᠬᠡ ᠠᠮᠠ ᠶᠢᠨ ᠳᠠᠩᠰᠠ ᠪᠠᠨ ᠭᠠᠳᠠᠭᠰᠢ ᠨᠡᠭᠦᠯᠭᠡᠭᠰᠡᠨ ᠪᠠ ᠬᠠᠷᠢᠴᠠᠵᠤ ᠳᠡᠢᠯᠬᠦ ᠦᠭᠡᠢ ᠰᠠᠭᠤᠭᠠᠯᠢ ᠠᠷᠠᠳ ᠤᠨ ᠳᠠᠩᠰᠠ ᠡᠪᠬᠡᠮᠡᠯ ᠵᠡᠷᠭᠡ ᠶᠢ ᠬᠦᠴᠦᠨ ᠦᠭᠡᠢ  ᠪᠤᠯᠭᠠᠨ᠂ ᠳᠠᠪᠬᠤᠴᠠᠭᠰᠠᠨ ᠳᠠᠩᠰᠠ ᠡᠪᠬᠡᠮᠡᠯ ᠢ ᠠᠷᠢᠯᠭᠠᠵᠤ᠂ ᠡᠭᠦᠨ ᠦ  ᠬᠠᠮᠳᠤ ᠳᠤ ᠨᠢ ᠬᠤᠪᠢ ᠬᠦᠮᠦᠨ ᠦ ᠴᠢᠮᠡᠭᠡ ᠵᠠᠩᠭᠢ ᠶᠢ  ᠪᠦᠷᠢᠨᠰᠢᠭᠦᠯᠵᠦ ᠪᠤᠢ᠃ ᠭᠤᠤᠯᠳᠠᠯᠭᠠᠲᠤ ᠬᠦᠮᠦᠰ ᠦᠨ ᠡᠷᠡᠭᠦᠯ ᠴᠢᠭᠢᠷᠠᠭ ᠤᠨ ᠪᠠᠢᠴᠠᠭᠠᠯᠲᠠ ᠶᠢᠨ ᠬᠦᠰᠦᠨᠦᠭᠲᠦ᠂  ᠡᠷᠭᠢᠨ ᠦᠵᠡᠭᠰᠡᠨ ᠲᠡᠮᠳᠡᠭᠯᠡᠯ ᠦᠨ ᠬᠦᠰᠦᠨᠦᠭᠲᠦ ᠵᠢᠴᠢ ᠰᠢᠯᠵᠢᠭᠦᠯᠦᠨ ᠡᠮᠨᠡᠬᠦ ᠂ ᠬᠠᠮᠲᠤᠷᠠᠨ ᠡᠮᠨᠡᠬᠦ  ᠵᠡᠷᠭᠡ ᠴᠢᠮᠡᠭᠡ ᠵᠠᠩᠭᠢ ᠶᠢ ᠴᠠᠭ ᠲᠤᠬᠠᠢ ᠳᠤ ᠨᠢ ᠰᠢᠨᠡᠴᠢᠯᠡᠵᠦ᠂ ᠳᠠᠩᠰᠠ ᠡᠪᠬᠡᠮᠡᠯ ᠢ   ᠡᠮᠬᠢᠯᠡᠵᠦ ᠪᠤᠢ᠃

        
                                    ᠪᠠᠶᠠᠨᠵᠢᠷᠭᠠᠯ ᠮᠡᠳᠡᠭᠡᠯᠡᠪᠡ
ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ