ᠨᠠᠢ᠌ᠮᠠᠨ ᠬᠤᠰᠢᠭᠤ ᠦᠷᠡᠭᠳᠡᠭᠰᠡᠨ ᠪᠠᠭᠠᠲᠤᠷᠴᠤᠳ ᠢ ᠲᠤᠷᠠᠰᠬᠠᠬᠤ ᠬᠦᠳᠡᠯᠭᠡᠭᠡᠨ ᠶᠠᠪᠤᠭᠳᠠᠭᠤᠯᠪᠠ

ᠣᠩᠰᠢᠭᠰᠠᠨ ᠤᠳᠠᠭ᠎ᠠ ᠄ 8986     ᠨᠡᠶᠢᠳᠡᠯᠡᠭᠰᠡᠨ ᠴᠠᠭ ᠄ 2018/4/10 14:52:19


         4 ᠰᠠᠷ᠎ᠠ ᠶᠢᠨ 4 ᠦ ᠡᠳᠤᠷ᠂ ᠨᠠᠢ᠌ᠮᠠᠨ ᠬᠤᠰᠢᠭᠤ ᠨᠠᠮ ᠵᠠᠰᠠᠭ ᠤᠨ ᠪᠠᠶᠢᠭᠤᠯᠭ᠎ᠠ᠂ ᠠᠵᠤ ᠠᠬᠤᠶᠢᠯᠠᠯ ᠂ ᠠᠵᠢᠯ ᠦᠢᠯᠡᠰ ᠦᠨ ᠨᠢᠭᠡᠴᠡ ᠶᠢᠨ ᠺᠠᠳ᠋ᠷ ᠠᠵᠢᠯᠲᠡᠨ ᠪᠠ ᠳᠠᠴᠢᠨᠲᠠᠯ᠎ᠠ ᠳᠤ ᠰᠠᠭᠤᠭ᠎ᠠ ᠳᠤᠮᠳᠠᠳᠤ ᠪᠠᠭ᠎ᠠ ᠰᠤᠷᠭᠠᠭᠤᠯᠢ ᠶᠢᠨ ᠬᠡᠰᠡᠭ ᠪᠠᠭᠰᠢ ᠠᠵᠢᠯᠲᠠᠨ ᠰᠤᠷᠤᠭᠴᠢᠳ᠂ ᠨᠠᠢ᠌ᠮᠠᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠵᠤᠬᠢᠶᠠᠨ  ᠪᠠᠶᠢᠭᠤᠯᠤᠨ᠂ ᠳᠠᠴᠢᠨᠲᠠᠯ᠎ᠠ ᠪᠠᠯᠭᠠᠰᠤᠨ ᠤ ᠪᠠᠭᠠᠲᠤᠷᠴᠤᠳ ᠤᠨ ᠬᠦᠰᠢᠶ᠎ᠡ ᠶᠢᠨ ᠡᠮᠦᠨ᠎ᠡ ᠢᠷᠡᠵᠦ᠂ 《ᠦᠷᠡᠭᠳᠡᠭᠰᠡᠨ ᠪᠠᠭᠠᠳᠤᠷᠴᠤᠳ ᠢᠶᠡᠨ ᠳᠤᠷᠠᠰᠬᠠᠨ ᠂ ᠦᠷᠡᠭᠳᠡᠭᠰᠡᠨ ᠪᠠᠭᠠᠳᠤᠷᠴᠤᠳ ᠤᠨ ᠵᠤᠷᠢᠭ ᠰᠠᠨᠠᠭ᠎ᠠ ᠶ᠋ᠢ ᠤᠯᠠᠮᠵᠢᠯᠠᠨ ᠪᠠᠳᠠᠷᠠᠭᠤᠯᠬᠤ 》 ᠪᠠᠭᠠᠳᠤᠷᠴᠤᠳ ᠤᠨ ᠬᠦᠰᠢᠶ᠎ᠠ ᠶ᠋ᠢ ᠱᠦᠬᠦᠷᠳᠠᠵᠦ ᠴᠡᠪᠠᠷᠯᠡᠬᠦ ᠬᠦᠳᠡᠯᠭᠡᠭᠡᠨ ᠦᠷᠨᠢᠬᠦᠯᠪᠠ ᠃

         ᠰᠤᠷᠭᠤᠭ ᠴᠡᠴᠡᠭ ᠬᠦᠷᠭᠡᠬᠦ᠂  ᠨᠠᠮᠠᠨᠴᠢᠯᠠᠨ ᠭᠠᠰᠢᠭᠤᠳᠠᠬᠤ᠂ ᠪᠠᠭᠠᠴᠤᠳ ᠤᠨ ᠬᠤᠰᠢᠭᠤᠴᠢ ᠠᠩᠭᠢ ᠶᠢᠨ ᠬᠡᠰᠢᠭᠦᠳ ᠵᠤᠷᠢᠭ ᠢᠶᠠᠨ ᠢᠯᠡᠳᠭᠡᠬᠦ᠂ ᠳᠤᠮᠳᠠᠳᠤ ᠰᠤᠷᠭᠠᠭᠤᠯᠢ ᠶᠢᠨ ᠰᠤᠷᠤᠭᠴᠢᠳ ᠡᠪᠯᠡᠯ ᠳᠦ  ᠤᠷᠤᠬᠤ ᠲᠠᠩᠭᠠᠷᠢᠭ ᠤᠨ  ᠦᠭᠡ  ᠤᠩᠰᠢᠬᠤ  ᠡᠴᠡ ᠭᠠᠳᠠᠨ᠎ᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠴᠧᠨ ᠵᠢᠩ ᠳᠤᠷᠠᠰᠬᠠᠬᠤ ᠦᠭᠡ  ᠶᠠᠷᠢᠵᠦ᠂ ᠪᠠᠭᠠᠳᠤᠷᠴᠤᠳ ᠤᠨ ᠬᠦᠰᠢᠶ᠎ᠡ ᠶᠢ ᠲᠤᠭᠤᠷᠢᠨ ᠪᠠᠷᠠᠭᠠᠯᠠᠬᠤ ᠵᠡᠷᠭᠡ ᠶᠤᠰᠤᠯᠠᠯ ᠢ ᠶᠠᠪᠤᠭᠳᠠᠭᠤᠯᠪᠠ᠃ ᠡᠨᠡ ᠬᠦ  ᠠᠵᠢᠯᠯᠠᠭ᠎ᠠ ᠨᠢ ᠪᠠᠭᠠᠳᠤᠷᠴᠤᠳ ᠢᠶᠠᠨ ᠲᠤᠷᠠᠰᠤᠨ ᠮᠦᠷᠦᠭᠡᠳᠴᠦ᠂ ᠤᠯᠠᠨ ᠲᠦᠮᠡᠨ ᠪᠠ  ᠬᠤᠢᠴᠢ ᠦᠶ᠎ᠡ ᠶᠢᠨ ᠬᠢᠨ ᠳᠦ ᠡᠬᠡ ᠤᠯᠤᠰ ᠢᠶᠠᠨ ᠬᠠᠢᠷᠠᠯᠠᠬᠤ ᠬᠦᠮᠦᠵᠢᠯ ᠢ ᠬᠦᠷᠲᠡᠭᠡᠨ᠂  ᠬᠢᠯᠪᠠᠷ ᠪᠤᠰᠤ ᠢᠷᠡᠭᠰᠡᠨ ᠤᠳᠤᠬᠢ ᠰᠢᠨ᠎ᠡ ᠠᠮᠢᠳᠤᠷᠠᠯ ᠢᠶᠠᠨ ᠨᠠᠨᠳᠢᠩᠨᠡᠨ ᠬᠠᠢᠷᠠᠯᠠᠵᠤ᠂ ᠠᠭᠤᠤ ᠶᠡᠬᠡ ᠲᠤᠮᠳᠠᠳᠤ ᠶᠢᠨ ᠵᠡᠭᠦᠳᠦ ᠶᠢ  ᠲᠡᠷᠭᠡᠯᠰᠢᠭᠦᠯᠬᠦ ᠳᠦ ᠯᠤᠲᠦ ᠶᠡᠬᠡ ᠠᠴᠢ ᠬᠤᠯᠪᠤᠭᠳᠠᠯ ᠲᠠᠢ ᠶᠤᠮ᠃

                  ᠪᠠᠶᠠᠨᠵᠢᠷᠭᠠᠯ  ᠡᠴᠡ ᠮᠡᠳᠡᠭᠡᠯᠡᠪᠡ


ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ