《 ᠰᠢᠨ᠎ᠡ ᠴᠠᠭ ᠦᠶ᠎ᠡ ᠶ᠋ᠢᠨ ᠤᠬᠠᠭᠤᠯᠭ᠎ᠠ ᠰᠤᠷᠤᠯᠴᠠᠯᠭ᠎ᠠ ᠶᠢᠨ ᠳᠤᠭᠤᠢᠯᠠᠩ 》 ᠰᠢ ᠵᠢᠨ ᠫᠢᠩ ᠦᠨ ᠪᠦᠬᠦ ᠤᠯᠤᠰ ᠤᠨ 《 ᠬᠣᠶᠠᠷ ᠬᠤᠷᠠᠯ 》  ᠳ᠋ᠠᠬᠢ ᠴᠢᠬᠤᠯᠠ ᠶᠠᠷᠢᠶᠠᠨ  ᠤ ᠵᠣᠷᠢᠭ ᠰᠠᠨᠠᠭ᠎ᠠ ᠶ᠋ᠢ ᠢᠳᠡᠪᠬᠢᠲᠡᠢ ᠨᠠᠷᠢᠯᠢᠭ ᠲᠠᠶᠢᠯᠪᠤᠷᠢᠯᠠᠨ ᠤᠬᠠᠭᠤᠯᠵᠤ ᠪᠠᠶᠢᠨ᠎ᠠ

ᠣᠩᠰᠢᠭᠰᠠᠨ ᠤᠳᠠᠭ᠎ᠠ ᠄ 1326     ᠨᠡᠶᠢᠳᠡᠯᠡᠭᠰᠡᠨ ᠴᠠᠭ ᠄ 2018/4/26 16:04:12


       ᠨᠠᠢᠮᠠᠨ ᠬᠤᠰᠢᠭᠤᠨ ᠤ  《 ᠰᠢᠨ᠎ᠡ ᠴᠠᠭ ᠦᠶ᠎ᠡ ᠶ᠋ᠢᠨ  ᠤᠬᠠᠭᠤᠯᠭ᠎ᠠ ᠰᠤᠷᠤᠯᠴᠠᠯᠭ᠎ᠠ ᠶᠢᠨ ᠳᠤᠭᠤᠢᠯᠠᠩ 》 ᠤᠨ ᠬᠡᠰᠢᠭᠦᠦᠨ ᠪᠦᠯᠦᠭ ᠬᠤᠪᠢᠶᠠᠨ ᠦᠨᠳᠦᠰᠦᠨ ᠱᠠᠳᠤᠨ ᠳ᠋ᠦ ᠭᠦᠨᠵᠡᠭᠡᠶᠢᠷᠡᠨ ᠂ ᠰᠢ ᠵᠢᠨ ᠫᠢᠩ ᠶᠡᠷᠦᠩᠬᠡᠢ ᠱᠦᠵᠢ ᠶ᠋ᠢᠨ ᠪᠦᠬᠦ ᠤᠯᠤᠰ ᠤᠨ 《ᠬᠣᠶᠠᠷ ᠬᠤᠷᠠᠯ 》 ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠭᠦᠨ ᠭᠦᠨᠵᠡᠭᠡᠢ ᠢᠳᠡᠪᠬᠢᠲᠡᠢ ᠨᠠᠷᠢᠯᠢᠭ ᠰᠠᠶᠢᠬᠠᠨ ᠲᠠᠶᠢᠯᠪᠤᠷᠢᠯᠠᠨ ᠤᠬᠠᠭᠤᠯᠵᠤ ᠪᠠᠶᠢᠨ᠎ᠠ ᠃ ᠪᠦᠯᠬᠦᠮ ᠦᠨ ᠬᠡᠰᠢᠭᠦᠦᠨ ᠂ ᠰᠢ ᠵᠢᠨ ᠫᠢᠩ ᠦᠨ ᠠᠷᠪᠠᠨ ᠭᠤᠷᠪᠠᠳᠤᠭᠠᠷ ᠬᠣᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠦᠨ ᠤᠨ ᠶᠡᠬᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠳᠡᠭᠡᠷᠡᠬᠢ ᠥᠪᠥᠷ ᠮᠤᠩᠭᠤᠯ ᠤᠨ ᠲᠥᠯᠦᠭᠡᠯᠡᠭᠴᠢᠦᠨ ᠤᠨ ᠪᠦᠯᠬᠦᠮ ᠦᠨ ᠬᠢᠨᠠᠨ ᠵᠦᠪᠯᠡᠬᠦ ᠦᠶ᠎ᠡ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠲᠠᠪᠤᠳᠤᠭᠠᠷ ᠤᠳᠠᠭᠠᠨ ᠤ ᠦᠨᠳᠦᠰᠦᠨ ᠬᠠᠤᠯᠢ ᠳ᠋ᠦ ᠵᠠᠰᠠᠪᠤᠷᠢ ᠣᠷᠤᠭᠤᠯᠤᠬᠰᠠᠨ ᠲᠥᠰᠥᠯ ᠢ ᠭᠣᠤᠯᠳᠠᠯᠭ᠎ᠠ ᠲᠠᠢ ᠲᠠᠶᠢᠯᠪᠤᠷᠢᠯᠠᠨ ᠤᠬᠠᠭᠤᠯᠵᠠᠢ ᠃ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠳᠡᠷᠢᠭᠦᠯᠡᠨ ᠣᠯᠠᠨ ᠲᠦᠮᠡᠨ ᠢ ᠳᠠᠶᠢᠴᠢᠯᠠᠨ ᠂ ᠠᠵᠢᠯ ᠤᠶᠢᠯᠡᠰ ᠤᠨ ᠬᠠᠷᠭᠤᠢ ᠳ᠋ᠦ ᠤᠯᠠᠮ ᠨᠢᠭᠡ ᠠᠯᠬᠤᠮ ᠢᠲᠡᠭᠡᠯ ᠵᠣᠷᠢᠭ ᠢᠶᠡᠨ ᠪᠠᠳᠤᠤᠨᠬᠠᠵᠤ ᠂ ᠤᠭ ᠰᠠᠨᠠᠭ᠎ᠠ ᠪᠠᠨ ᠥᠯᠥ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠵᠦ ᠂ ᠶᠡᠷᠦᠩᠬᠡᠢ ᠱᠦᠵᠢ ᠶ᠋ᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶ᠋ᠢ ᠡᠯ᠎ᠡ ᠡᠲᠡᠭᠡᠳ ᠡᠯ᠎ᠡ ᠲᠥᠷᠥᠯ ᠦᠨ ᠠᠵᠢᠯ ᠤᠨ ᠳᠣᠮᠳᠠ ᠪᠠᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠶᠠᠷᠢᠶᠠᠨ ᠤ ᠵᠣᠷᠢᠭ ᠰᠠᠨᠠᠭ᠎ᠠ ᠶ᠋ᠢ ᠣᠷᠣᠨ ᠭᠠᠵᠠᠷ ᠲᠦ᠋ᠨᠢ ᠪᠤᠳᠠᠲᠠᠢ  ᠬᠦᠷᠭᠡᠨ ᠦᠨᠳᠦᠰᠦ ᠪᠠᠳᠦ ᠬᠠᠤᠨᠬᠤᠬᠤ ᠶ᠋ᠢ ᠦᠨᠡᠨᠬᠦ ᠰᠠᠶᠢᠳᠤᠷ ᠳᠦᠯᠬᠢᠨ ᠠᠬᠢᠭᠤᠯᠵᠤ ᠪᠠᠶᠢᠨ᠎ᠠ ᠃              ( ᠪᠤᠶᠠᠨᠴᠤᠬᠯᠠ )


ᠤᠯᠤᠰ ᠤᠨ ᠭᠠᠵᠠᠷ ᠰᠢᠷᠤᠢ ᠶᠢᠨ ᠳᠤᠪᠴᠢᠶ᠎ᠠ

ᠰᠢᠬᠦᠬᠦ ᠬᠤᠷᠢᠶ᠎ᠠ




ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ