ᠨᠠᠢᠮᠠᠨ ᠬᠤᠰᠢᠭᠤᠨ ᠤ ᠪᠠᠶᠢᠰᠢᠩᠳᠤ ᠪᠠᠯᠭᠠᠰᠤ ᠠᠩᠬᠠᠳᠤᠭᠠᠷ ᠬᠤᠭᠤᠴᠠᠭᠠᠨ ᠤ ᠮᠠᠯᠴᠢᠨ ᠳᠠᠷᠢᠶᠠᠴᠢᠳ ᠤᠨ ᠬᠦᠭᠵᠢᠮ ᠦᠨ ᠪᠤᠯᠪᠠᠰᠤᠷᠠᠯ ᠤᠨ ᠠᠩᠬᠢ ᠡᠷᠬᠢᠯᠡᠪᠡ

ᠣᠩᠰᠢᠭᠰᠠᠨ ᠤᠳᠠᠭ᠎ᠠ ᠄ 1336     ᠨᠡᠶᠢᠳᠡᠯᠡᠭᠰᠡᠨ ᠴᠠᠭ ᠄ 2018/4/27 8:59:15


     4 ᠰᠠᠷ᠎ᠠ ᠶ᠋ᠢᠨ 26 ᠦ ᠡᠳᠤᠷ ᠂ ᠪᠠᠶᠢᠰᠢᠩᠲᠤ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠮᠠᠯᠴᠢᠨ ᠳᠠᠷᠢᠶᠠᠴᠢᠳ ᠤᠨ ᠬᠦᠭᠵᠢᠮ ᠦᠨ ᠪᠤᠯᠪᠠᠰᠤᠷᠠᠯ ᠤᠨ ᠠᠩᠬᠢ  ᠬᠦᠰᠢᠬᠡ ᠪᠠᠨ ᠨᠠᠭᠡᠭᠡᠪᠠ ᠃ ᠡᠨᠡ ᠨᠢ ᠨᠠᠢᠮᠠᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠤᠶᠤᠯ ᠪᠤᠯᠪᠠᠰᠤᠨ ᠤ ᠰᠠᠶᠢᠨ ᠳᠤᠷᠠᠴᠤᠳ ᠤᠨ ᠵᠢᠯᠤᠭᠤᠳᠤᠯᠭ᠎ᠠ ᠶ᠋ᠢᠨ ᠳᠤᠭᠤᠶᠢᠯᠠᠩ ᠤᠨ ᠬᠢᠨ ᠡᠯ᠎ᠡ ᠰᠤᠮᠤ ᠰᠢᠶᠠᠩ ᠪᠠᠯᠭᠠᠰᠤ  ᠂ ᠭᠠᠴᠠᠭ᠎ᠠ ᠳᠤᠰᠬᠤᠨ ᠲᠠᠢ ᠬᠠᠷᠢᠴᠠᠭ᠎ᠠ ᠠᠪᠴᠤ ᠂  ᠦᠨᠳᠤᠰᠤᠨ ᠱᠠᠳᠤᠨ ᠳ᠋ᠤ ᠱᠠᠭᠠᠷᠳᠠᠭᠳᠠᠵᠤ ᠪᠠᠶᠢᠭ᠎ᠠ ᠰᠤᠶᠤᠯ ᠪᠤᠯᠪᠠᠰᠤᠨ ᠤ ᠠᠵᠢᠯ ᠳ᠋ᠤ ᠂ ᠰᠠᠶᠢᠨ ᠳᠤᠷ᠎ᠠ ᠡᠴᠡ ᠪᠠᠨ ᠵᠢᠯᠤᠭᠤᠳᠤᠯᠭ᠎ᠠ ᠬᠢᠵᠦ  ᠪᠠᠶᠢᠭ᠎ᠠ ᠠᠵᠢᠯ ᠤᠨ ᠬᠢᠨᠢ ᠨᠢᠭᠡ ᠪᠤᠯᠤᠨ᠎ᠠ ᠃ ᠳᠤᠰ ᠤᠳᠠᠭᠠᠨ ᠤ ᠪᠤᠯᠪᠠᠰᠤᠷᠠᠯ ᠤᠨ ᠠᠩᠬᠢ ᠳ᠋ᠤ 15 ᠨᠠᠷᠠᠰ ᠬᠤᠶᠠᠷ ᠤᠳᠠᠰᠤᠳᠤ ᠬᠤᠭᠤᠷ ᠤᠨ ᠳᠤᠷ᠎ᠠ ᠪᠠᠬᠠᠳᠠᠳ ᠂ ᠤᠯᠤᠰ ᠤᠨ ᠭᠤᠷᠪᠠᠳᠤᠭᠠᠷ ᠳᠠᠰ ᠤᠨ ᠳᠤᠭᠯᠠᠭᠴᠢ ᠂ ᠨᠠᠢᠮᠠᠨ ᠬᠤᠰᠢᠭᠤᠨ ᠤ ᠰᠤᠶᠤᠯ ᠤᠨ ᠤᠷᠳᠤᠨ ᠤ  ᠠᠵᠢᠯᠳᠠᠨ ᠂ ᠨᠠᠢᠮᠠᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠤᠶᠤᠯ ᠪᠤᠯᠪᠠᠰᠤᠨ ᠤ ᠰᠠᠶᠢᠨ ᠳᠤᠷᠠᠴᠤᠳ ᠤᠨ  ᠳᠦᠷᠪᠡᠳᠤᠭᠡᠷ ᠵᠢᠯᠤᠭᠤᠳᠤᠯᠭ᠎ᠠ ᠶ᠋ᠢᠨ ᠳᠤᠭᠤᠶᠢᠯᠠᠩ ᠤᠨ ᠬᠡᠰᠢᠬᠦᠨ ᠸᠠᠩ ᠯᠢᠨ ᠭᠤᠸᠠᠢ ᠶ᠋ᠢ ᠤᠷᠢᠵᠦ ᠂ ᠨᠢᠭᠡ ᠭᠠᠷᠠᠭ ᠤᠨ ᠪᠤᠯᠪᠠᠰᠤᠷᠠᠯ ᠤᠨ ᠠᠩᠬᠢ ᠪᠠᠨ ᠡᠬᠢᠯᠡᠭᠦᠯᠪᠡ ᠃

        ᠳᠤᠰ ᠤᠳᠠᠭᠠᠨ ᠤ ᠪᠤᠯᠪᠠᠰᠤᠷᠠᠯ ᠤᠨ ᠠᠩᠬᠢ ᠨᠢ ᠂ ᠤᠨᠤᠯ ᠢ ᠦᠢᠯᠡᠳᠦᠯᠭᠡ ᠲᠠᠢ ᠤᠶᠠᠯᠳᠤᠭᠤᠯᠬᠤ ᠪᠤᠯᠪᠠᠰᠤᠷᠠᠯ ᠤᠨ ᠭᠡᠯᠪᠠᠷᠢ ᠪᠠᠷ ᠂ ᠰᠤᠷᠤᠯᠴᠠᠭᠴᠢ ᠶ᠋ᠢᠨ ᠶᠠᠮᠠᠷ ᠴᠤ ᠵᠢᠩᠬᠢᠨᠢ ᠰᠤᠷᠤᠯᠴᠠᠯᠭ᠎ᠠ ᠪᠠᠶᠢᠬᠤ ᠦᠭᠡᠢ ᠪᠤᠳᠠᠳᠤ ᠪᠠᠶᠢᠳᠠᠯ ᠳ᠋ᠤ ᠵᠤᠬᠢᠴᠠᠭᠤᠯᠤᠨ ᠂ ᠬᠤᠶᠠᠷ ᠤᠳᠠᠰᠤᠳᠤ ᠬᠤᠭᠤᠷ  ᠢ ᠬᠦᠭᠵᠢᠮᠳᠡᠬᠦ ᠦᠨᠳᠤᠰᠤᠨ ᠠᠷᠭ᠎ᠠ ᠮᠠᠷᠭᠡᠵᠢᠯ ᠢ  ᠵᠢᠯᠤᠭᠤᠳᠤᠨ ᠂ ᠰᠤᠷᠤᠯᠴᠠᠭᠴᠢ ᠶ᠋ᠢᠨ ᠬᠦᠯᠢᠶᠠᠨ ᠠᠪᠴᠦ ᠳᠠᠶᠢᠯᠬᠦ ᠴᠢᠳᠡᠪᠤᠷᠢ ᠳ᠋ᠤ ᠵᠤᠬᠢᠴᠠᠭᠤᠯᠤᠨ ᠂  ᠳᠠᠭᠤᠨ ᠨᠤᠲ ᠢ  ᠵᠢᠭᠠᠬᠤ   ᠪᠤᠯᠤᠨ᠎ᠠ ᠃ ᠤᠳᠤᠬᠠᠨ ᠳ᠋ᠤ ᠂ ᠪᠦᠬᠦ ᠪᠠᠯᠭᠠᠰᠤᠨ ᠳ᠋ᠤ ᠨᠠᠶᠢᠳᠠ 50 ᠢᠯᠡᠬᠦᠤ ᠬᠤᠶᠠᠷ ᠤᠳᠠᠰᠤᠳᠤ ᠬᠤᠭᠤᠷ ᠤᠨ ᠳᠤᠷ᠎ᠠ ᠪᠠᠬᠠᠳᠠᠳ ᠡᠯ᠎ᠡ ᠭᠠᠴᠠᠭ᠎ᠠ ᠳᠤᠰᠬᠤᠨ ᠤ ᠰᠤᠶᠤᠯ ᠤᠨ ᠨᠠᠶᠢᠷ ᠲᠦ ᠬᠦᠷ  ᠬᠦᠭᠵᠢᠶᠡᠨ ᠨᠠᠮᠡᠷᠢᠯᠡᠵᠦ ᠂ ᠪᠦᠬᠦ ᠪᠠᠯᠭᠠᠰᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ ᠪᠤᠢ ᠃  (  ᠪᠤᠤ ᠵᠢᠨ ᠯᠢᠶᠠᠨ )



ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ