ᠨᠠᠢᠮᠠᠨ ᠬᠤᠰᠢᠭᠤᠨ ᠤ ᠠᠷᠠᠳ ᠤᠨ ᠰᠢᠭᠦᠬᠦ ᠬᠣᠷᠢᠶ᠎ᠠ ︿ ︿ ᠬᠠᠤᠯᠢᠴᠢ ᠶ᠋ᠢᠨ ᠡᠶᠡᠳᠡᠭᠦᠯᠬᠦ ᠲᠠᠰᠤᠭ ﹀ ﹀ ᠪᠠᠶᠢᠭᠤᠯᠤᠨ ᠵᠢᠭᠤᠷᠠᠯᠳᠤᠭᠠᠨ ᠢ ᠠᠷᠢᠯᠭᠠᠵᠤ ᠪᠤᠢ

ᠣᠩᠰᠢᠭᠰᠠᠨ ᠤᠳᠠᠭ᠎ᠠ ᠄ 608     ᠨᠡᠶᠢᠳᠡᠯᠡᠭᠰᠡᠨ ᠴᠠᠭ ᠄ 2018/7/26 9:12:52


      ᠨᠡᠶᠢᠭᠡᠮ  ᠳᠡᠭᠡᠷᠡᠬᠢ ᠬᠦᠮᠦᠰ ᠦᠨ ᠵᠦᠷᠢᠴᠡᠯ ᠵᠢᠭᠤᠷᠠᠯᠳᠤᠭᠠᠨ ᠢ ᠦᠨᠳᠦᠰᠦᠨ ᠱᠠᠳᠤᠨ ᠳ᠋ᠦ ᠠᠷᠢᠯᠭᠠᠬᠤ ᠶ᠋ᠢᠨ ᠲᠥᠯᠦᠭᠡ ᠤᠶᠢᠷ᠎ᠠ ᠳ᠋ᠦ ᠂ ᠨᠠᠢᠮᠠᠨ ᠬᠤᠰᠢᠭᠤᠨ ᠤ ᠵᠠᠷᠭᠤ ᠶ᠋ᠢᠨ ᠤᠶᠢᠯᠡᠴᠢᠯᠡᠭᠡᠨ ᠤ ᠲᠥᠪ ︿ ︿ ᠬᠠᠤᠯᠢᠴᠢ ᠶ᠋ᠢᠨ ᠡᠶᠡᠳᠡᠭᠦᠯᠬᠦ ᠳᠠᠰᠤᠭ ﹀ ﹀ ᠪᠠᠶᠢᠭᠤᠯᠤᠨ ᠂ ᠬᠠᠤᠯᠢᠴᠢ ᠰᠢᠭᠦᠬᠦ ᠬᠣᠷᠢᠶᠠᠨ ᠳ᠋ᠦ ᠣᠷᠤᠵᠤ ᠵᠢᠵᠢᠭᠦᠷᠯᠡᠨ ᠬᠡᠪᠰᠢᠭᠦᠯᠬᠦ ᠵᠣᠬᠢᠴᠠᠮᠵᠢ ᠶ᠋ᠢ ᠬᠡᠷᠡᠭᠵᠢᠭᠦᠯᠵᠦ ᠪᠤᠢ ᠃
        ᠲᠣᠰ ᠵᠣᠬᠢᠴᠠᠮᠵᠢ ᠶ᠋ᠢᠨ ᠳᠣᠬᠲᠠᠭᠠᠯ ᠢᠶᠠᠷ ᠂ ᠡᠳᠥᠷ ᠪᠦᠷᠢ ᠨᠢᠭᠡ ᠨᠡᠷᠡᠰ ᠬᠠᠤᠯᠢᠴᠢ ᠰᠢᠭᠦᠬᠦ ᠬᠣᠷᠢᠶᠠᠨ ᠳ᠋ᠦ ᠵᠢᠵᠢᠭᠦᠷᠯᠡᠵᠦ ᠂ ᠵᠢᠵᠢᠭᠦᠷᠯᠡᠬᠦ ᠬᠠᠤᠯᠢᠴᠢ ᠨᠢ ᠬᠠᠤᠯᠢᠴᠢ ᠶ᠋ᠢᠨ ᠡᠶᠡᠳᠡᠭᠦᠯᠬᠦ ᠳᠠᠰᠤᠭ ᠲᠦ ᠰᠦᠢᠦᠨᠬᠡᠯ ᠬᠤᠷᠢᠶᠠᠬᠤ ᠦᠭᠡᠢ ᠪᠡᠷ ᠲᠣᠬᠠᠢ ᠶ᠋ᠢᠨ ᠬᠦᠮᠦᠨ  ᠳ᠋ᠦ ᠬᠠᠤᠯᠢ ᠶ᠋ᠢᠨ ᠯᠠᠪᠯᠠᠭ᠎ᠠ ᠵᠠᠷᠭᠤ ᠶ᠋ᠢᠨ ᠵᠢᠯᠤᠭᠤᠳᠤᠯᠭ᠎ᠠ ᠬᠠᠩᠭᠠᠬᠤ  ᠮᠦᠷᠲᠡᠭᠡᠨ ᠵᠠᠬᠢᠳᠠᠯ ᠰᠣᠷᠪᠤᠯᠵᠢᠯᠠᠭ᠎ᠠ ᠶ᠋ᠢ ᠠᠷᠢᠯᠭᠠᠨ ᠬᠠᠤᠯᠢ ᠴᠠᠭᠠᠵᠠ ᠬᠠᠤᠯᠢ ᠲᠥᠷᠢᠮ ᠦᠨ ᠤᠬᠠᠭᠤᠯᠭ᠎ᠠ ᠶ᠋ᠢᠨ ᠤᠶᠢᠯᠡᠴᠢᠯᠡᠭᠡ  ᠬᠢᠬᠦ ᠪᠣᠯᠤᠨ᠎ᠠ ᠃ ᠵᠢᠵᠢᠭᠦᠷᠯᠡᠬᠦ ᠬᠠᠤᠯᠢᠴᠢ ᠵᠠᠳᠠᠯᠤᠯᠲᠠ ᠬᠢᠵᠦ ᠵᠥᠪᠳᠡᠯᠴᠡᠬᠦ ᠪᠡᠷ ᠳᠠᠮᠵᠢᠨ ᠲᠣᠰ ᠬᠡᠷᠡᠭ ᠢ ᠰᠢᠢᠦᠨᠪᠦᠷᠢᠯᠡᠬᠦ ᠳ᠋ᠦ ᠬᠠᠤᠯᠢ ᠬᠡᠷᠡᠭᠵᠢᠭᠦᠯᠦᠭᠰᠡᠨ ᠨᠢ ᠪᠣᠷᠤᠭᠤ ᠪᠤᠶᠤ ᠥ ᠰᠡᠪ ᠲᠤᠳᠠᠬᠳᠠᠯ ᠲᠠᠢ ᠪᠠᠶᠢᠪᠠᠯ ᠲᠡᠷᠡ ᠳᠠᠷᠤᠢ ᠰᠢᠭᠦᠬᠦ ᠬᠣᠷᠢᠶᠠᠨ ᠳ᠋ᠦ ᠬᠠᠤᠯᠢ ᠴᠠᠭᠠᠵᠠ ᠶ᠋ᠢᠨ ᠰᠠᠨᠠᠯ ᠪᠤᠶᠤ ᠠᠵᠢᠯ ᠤᠨ ᠰᠠᠨᠠᠭᠤᠯᠭ᠎ᠠ ᠪᠠᠨ ᠳᠤᠷᠠᠣᠨᠬᠤ ᠪᠣᠯᠤᠨ᠎ᠠ ᠃ ᠵᠠᠬᠢᠳᠠᠯ ᠰᠣᠷᠪᠤᠯᠵᠢᠯᠠᠭ᠎ᠠ ᠶ᠋ᠢᠨ ᠵᠠᠷᠭᠤ ᠶ᠋ᠢᠨ ᠱᠠᠭᠠᠷᠳᠠᠯᠭ᠎ᠠ ᠨᠢ ᠬᠠᠤᠯᠢ ᠴᠠᠭᠠᠵᠠ ᠳ᠋ᠦ  ᠨᠡᠶᠢᠴᠡᠵᠦ ᠤᠯᠤᠰ ᠲᠥᠷᠥ ᠬᠠᠤᠯᠢ ᠴᠠᠭᠠᠵᠠ ᠶ᠋ᠢᠨ ᠪᠠᠶᠢᠭᠤᠯᠤᠯᠭ᠎ᠠ ᠳ᠋ᠦ ᠭᠣᠮᠤᠳᠠᠯ ᠲᠤᠭᠠᠴᠠᠬᠤ ᠳᠤᠷᠠᠳᠤᠯᠭ᠎ᠠ ᠭᠠᠷᠭᠠᠪᠠᠯ ᠵᠢᠵᠢᠭᠦᠷ ᠬᠠᠤᠯᠢᠴᠢ ᠵᠠᠬᠢᠳᠠᠯ ᠰᠣᠷᠪᠤᠯᠵᠢᠯᠠᠭ᠎ᠠ ᠶ᠋ᠢᠨ ᠬᠦᠮᠦᠨ ᠢ ᠬᠠᠪᠰᠤᠷᠴᠤ ᠭᠤᠮᠤᠳᠠᠯ ᠲᠣᠭᠠᠴᠠᠬᠤ ᠮᠠᠲ᠋ᠸᠷᠢᠶᠠᠯ ᠲᠣᠭᠤᠷᠪᠢᠬᠤ ᠂ ᠭᠡᠷᠡᠴᠢ ᠪᠠᠷᠢᠮᠲᠠ ᠬᠣᠷᠠᠮᠳᠤᠭᠤᠯᠬᠤ ᠂ ᠠᠰᠠᠭᠤᠨ ᠯᠠᠪᠯᠠᠭ᠎ᠠ ᠶ᠋ᠢ ᠬᠦᠯᠢᠶᠡᠨ ᠠᠪᠬᠤ ᠂ ᠵᠠᠬᠢᠳᠠᠯ ᠰᠣᠷᠪᠤᠯᠵᠢᠯᠠᠭ᠎ᠠ ᠶ᠋ᠢᠨ ᠬᠦᠮᠦᠨ ᠦ ᠬᠠᠤᠯᠢ ᠶᠣᠰᠤᠭᠠᠷ  ᠳᠡᠰ ᠳᠠᠷᠠᠭ᠎ᠠ ᠲᠠᠢ ᠪᠠᠷ ᠭᠣᠮᠤᠳᠠᠯ ᠢᠶᠡᠨ ᠲᠣᠭᠠᠴᠠᠬᠤ ᠢ ᠵᠢᠯᠤᠭᠣᠤᠨᠬᠤ ᠪᠣᠯᠤᠨ᠎ᠠ ᠃ ᠬᠦᠮᠦᠰ ᠵᠢᠵᠢᠭᠦᠷ ᠬᠠᠤᠯᠢᠴᠢ ᠶ᠋ᠢ ᠨᠠᠶᠢᠳᠠᠵᠤ ᠭᠣᠮᠤᠳᠠᠯ ᠲᠣᠭᠠᠴᠠᠭᠤᠯᠵᠤ ᠪᠣᠯᠤᠨ᠎ᠠ ᠃ ᠬᠠᠮᠳᠤ ᠳ᠋ᠦ᠋ᠨᠢ ᠂ ᠵᠢᠵᠢᠭᠦᠷ ᠬᠠᠤᠯᠢᠴᠢ ᠰᠢᠭᠦᠬᠦ ᠬᠣᠷᠢᠶ᠎ᠠ ᠶ᠋ᠢ ᠬᠠᠮᠵᠢᠨ ᠬᠡᠷᠡᠭ ᠪᠣᠯᠭᠠᠬᠤ ᠡᠴᠠ  ᠡᠮᠦᠨᠡᠬᠢ ᠬᠠᠤᠯᠢ ᠴᠠᠭᠠᠵᠠ ᠶ᠋ᠢᠨ ᠠᠰᠠᠭᠤᠨ ᠯᠠᠪᠯᠠᠭ᠎ᠠ ᠪᠠ ᠳᠠᠰᠤᠯᠤᠯᠲᠠ ᠬᠢᠭᠰᠡᠨ ᠦ ᠰᠡᠭᠦᠯᠡᠷᠬᠢ ᠬᠠᠷᠢᠭᠤᠯᠲᠠ ᠶ᠋ᠢᠨ ᠠᠵᠢᠯ ᠢ ᠬᠢᠬᠦ ᠪᠣᠯᠤᠨ᠎ᠠ ᠃
       ᠳᠡᠭᠡᠷᠡᠬᠢ ᠵᠣᠬᠢᠴᠠᠮᠵᠢ ᠶ᠋ᠢ ᠰᠠᠶᠢᠳᠤᠷ ᠨᠠᠶᠢᠳᠠᠪᠤᠷᠢᠵᠢᠭᠤᠯᠬᠤ ᠶ᠋ᠢᠨ ᠲᠥᠯᠦᠭᠡ ᠂ ᠨᠠᠢᠮᠠᠨ ᠬᠤᠰᠢᠭᠤᠨ ᠤ ᠠᠷᠠᠳ ᠤᠨ ᠰᠢᠭᠦᠬᠦ ᠬᠣᠷᠢᠶ᠎ᠠ ᠳᠣᠬᠲᠠᠬᠰᠠᠨ ᠬᠣᠭᠣᠴᠠᠭ᠎ᠠ ᠲᠠᠢ ᠪᠠᠷ ᠬᠠᠤᠯᠢᠴᠢ ᠨᠠᠷ ᠲᠠᠢ ᠬᠠᠤᠯᠢ ᠳ᠋ᠦ ᠬᠣᠯᠪᠣᠬᠳᠠᠬᠰᠠᠨ ᠵᠠᠷᠭᠤ ᠵᠢᠭᠤᠷᠭᠠᠨ ᠵᠠᠬᠢᠳᠠᠯ ᠰᠣᠷᠪᠤᠯᠵᠢᠯᠠᠭ᠎ᠠ ᠳ᠋ᠦ ᠬᠣᠯᠪᠤᠬᠳᠠᠬᠰᠠᠨ ᠬᠡᠷᠡᠭ ᠦᠨ ᠰᠤᠳᠤᠯᠤᠨ ᠶᠠᠷᠢᠯᠴᠠᠬᠤ ᠬᠤᠷᠠᠯ ᠬᠢᠵᠦ ᠂ ᠨᠡᠶᠢᠲᠡᠯᠢᠭ  ᠴᠢᠨᠠᠷᠲᠠᠢ ᠲᠥᠯᠦᠭᠡᠯᠡᠬᠦ ᠴᠢᠨᠠᠷᠲᠠᠢ ᠳᠡᠩᠰᠡᠯᠭᠡᠬᠦ ᠲᠦᠢᠪᠡᠭᠡᠬᠦ ᠬᠡᠷᠡᠭ ᠢ ᠠᠷᠢᠯᠭᠠᠬᠤ ᠪᠣᠳᠠᠳᠤ ᠲᠥᠰᠥᠯ ᠪᠠ ᠠᠷᠭ᠎ᠠ ᠰᠦᠪᠡᠭᠴᠢᠯᠡᠨ ᠲᠣᠷᠰᠢᠯᠭ᠎ᠠ ᠪᠠᠨ ᠳ᠋ᠦᠩᠨᠡᠨ ᠲᠣᠲᠠᠮᠠᠭ ᠲᠠᠯ᠎ᠠ ᠪᠠᠨ ᠡᠷᠢᠵᠦ ᠳᠠᠰᠤᠷᠠᠯᠲᠠ ᠦᠭᠡᠢ ᠲᠡᠭᠦᠯᠳᠡᠷᠵᠢᠭᠦᠯᠵᠦ ᠪᠠᠶᠢᠨ᠎ᠠ ᠃ ︿ ︿ ᠬᠠᠤᠯᠢᠴᠢ ᠶ᠋ᠢᠨ ᠡᠶᠡᠳᠡᠭᠦᠯᠬᠦ ᠲᠠᠰᠤᠭ ﹀ ﹀ ᠪᠠᠶᠢᠭᠤᠯᠤᠬᠰᠠᠨ ᠡᠴᠠ ᠨᠠᠰᠢ ᠂ ᠶᠡᠬᠡ ᠬᠡᠮᠵᠢᠶᠡᠨ ᠦ ᠵᠢᠭᠤᠷᠠᠯᠳᠤᠭᠠᠨ ᠢ ᠠᠷᠢᠯᠭᠠᠨ ᠲᠣᠪᠤᠶᠢᠮ᠎ᠠ ᠦᠷ᠎ᠡ ᠠᠰᠢᠭ ᠣᠯᠵᠤ ᠣᠯᠠᠨ ᠲᠦᠮᠡᠨ ᠦ ᠨᠡᠶᠢᠲᠡᠮ ᠦᠨ ᠬᠠᠯᠠᠭᠤᠨ ᠤᠬᠲᠤᠯ ᠢ ᠣᠯᠵᠤ ᠪᠤᠢ ᠃ ᠣᠳᠤ ᠲᠣᠰ ᠰᠢᠭᠦᠬᠦ ᠬᠣᠷᠢᠶᠠᠨ ᠳ᠋ᠦ ᠬᠣᠶᠠᠷ ᠬᠠᠤᠯᠢᠴᠢ ᠶ᠋ᠢᠨ ᠶᠠᠪᠤᠳᠠᠯ ᠤᠨ ᠭᠠᠵᠠᠷ ᠤᠨ17 ᠬᠠᠤᠯᠢᠴᠢ ᠠᠩᠬᠠᠳᠤᠭᠠᠷ ᠪᠦᠯᠦᠭ ᠡᠶᠡᠳᠡᠭᠦᠯᠬᠦ ᠬᠠᠤᠯᠢᠴᠢ ᠪᠠᠷ ᠤᠷᠢᠬᠳᠠᠨ ᠠᠵᠢᠯᠯᠠᠵᠤ ᠪᠠᠶᠢᠨ᠎ᠠ ᠃
                                    ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ