ᠨᠠᠢᠮᠠᠨ ᠬᠤᠰᠢᠭᠤ ︿ ︿ ᠲᠥᠷᠪᠡ ᠠᠣᠨᠬᠤᠬᠤ ﹀ ﹀ ᠶ᠋ᠢ ᠪᠠᠷᠢᠮᠲᠠᠯᠠᠨ ᠶᠠᠳᠠᠭᠤ ᠶ᠋ᠢ ᠳᠡᠦᠨᠬᠦᠬᠦ ᠠᠵᠢᠯ ᠤᠨ ᠦᠷ᠎ᠡ ᠠᠰᠢᠭ ᠢ ᠪᠠᠳᠤᠯᠠᠵᠤ ᠪᠤᠢ

ᠣᠩᠰᠢᠭᠰᠠᠨ ᠤᠳᠠᠭ᠎ᠠ ᠄ 21     ᠨᠡᠶᠢᠳᠡᠯᠡᠭᠰᠡᠨ ᠴᠠᠭ ᠄ 2018/8/1 11:48:13


       ᠶᠠᠳᠠᠭᠤ  ᠡᠴᠡ ᠠᠩᠭᠢᠵᠢᠷᠠᠭᠤᠯᠬᠤ ᠰᠢᠪᠳᠤᠯᠤᠯᠲᠠ ᠶ᠋ᠢᠨ ᠡᠴᠦᠰ ᠦᠨ ᠢᠯᠠᠯᠲᠠ  ᠶ᠋ᠢ ᠲᠡᠮᠡᠴᠡᠨ ᠣᠯᠬᠤ ᠶ᠋ᠢᠨᠲᠥ᠋ᠯᠦᠭᠡ ᠂ ᠨᠠᠢᠮᠠᠨ ᠬᠤᠰᠢᠭᠤ 1252 ᠨᠡᠷᠡᠰ ᠺᠠᠳ᠋ᠷ ᠢ ᠭᠠᠴᠠᠭ᠎ᠠ ᠲᠣᠰᠬᠤᠨ ᠳ᠋ᠤ ᠰᠠᠭᠤᠯᠭᠠᠨ ᠲᠡᠳᠡᠨᠦᠰ ᠦᠨ ᠠᠵᠢᠯ ᠢ ᠳᠡᠭᠡᠳᠦ ᠬᠡᠮᠵᠢᠶ᠎ᠡ ᠪᠡᠷ ᠠᠩᠬᠠᠷᠤᠨ ᠴᠢᠩᠭᠠᠣᠨᠬᠠᠵᠤ ᠂ ᠶᠠᠳᠠᠭᠤ ᠡᠴᠠ ᠠᠩᠭᠢᠵᠢᠷᠠᠭᠤᠯᠬᠤ ᠠᠵᠢᠯ ᠤᠨ ᠦᠷ᠎ᠡ ᠠᠰᠢᠭ ᠢ ᠦᠨᠡᠨᠬᠦ ᠪᠠᠳᠤᠯᠠᠵᠤ ᠪᠠᠶᠢᠨ᠎ᠠ ᠃
      ᠲᠥᠷᠢᠮ ᠦᠨ ᠪᠠᠶᠢᠭᠤᠯᠤᠯᠲᠠ ᠶ᠋ᠢ ᠠᠣᠨᠬᠤᠨ ᠡᠳᠥᠷ ᠲᠣᠳᠤᠮ ᠤᠨ ᠬᠠᠮᠢᠶᠠᠷᠤᠯᠲᠠ ᠶ᠋ᠢ ᠴᠢᠩᠭᠠᠣᠨᠬᠠᠪᠠ ᠃ ᠠᠵᠢᠯ ᠳ᠋ᠤ ᠭᠠᠷᠬᠤ ᠶ᠋ᠢ ᠲᠡᠮᠳᠡᠭᠯᠡᠬᠦ ᠬᠠᠮᠢᠶᠠᠷᠤᠯᠲᠠ ᠶ᠋ᠢ ᠬᠡᠷᠡᠭᠵᠢᠭᠦᠯᠵᠦ ᠂ ᠡᠳᠥᠷ ᠪᠦᠷᠢ ᠶ᠋ᠢᠨ ᠠᠵᠢᠯ ᠢᠶᠡᠨ ᠲᠡᠮᠳᠡᠭᠯᠡᠬᠦ ᠂ ᠴᠢᠯᠦᠭᠡ ᠭᠤᠶᠤᠬᠤ ᠂ ᠰᠤᠷᠤᠯᠭ᠎ᠠ ᠪᠣᠯᠪᠠᠰᠤᠷᠠᠯ ᠵᠡᠷᠭᠡ ᠲᠥᠷᠢᠮ ᠢ ᠪᠦᠷᠢᠳᠦᠭᠦᠯᠵᠦ ᠳᠠᠷᠤᠢ ︿ ︿ ᠨᠠᠢᠮᠠᠨ ᠬᠤᠰᠢᠭᠤᠨ ᠤ ᠶᠠᠳᠠᠭᠤ ᠡᠴᠠ ᠠᠩᠭᠢᠵᠢᠷᠠᠭᠤᠯᠬᠤ ᠰᠢᠪᠳᠤᠯᠤᠯᠲᠠ ᠶ᠋ᠢᠨ ᠨᠢᠭᠡᠳᠦᠭᠡᠷ ᠹᠷᠤᠨᠲ ᠲᠠᠬᠢ ᠳᠠᠭᠠᠭᠠᠴᠢᠯᠠᠨ ᠬᠠᠷᠢᠯᠴᠠᠬᠤ ᠺᠠᠳ᠋ᠷ  ᠢ ᠰᠢᠯᠭᠠᠨ ᠬᠢᠨᠠᠬᠤ ᠠᠵᠢᠯ ᠤᠨ ᠬᠡᠷᠡᠭᠵᠢᠭᠦᠯᠬᠦ ᠲᠥᠰᠥᠪ ﹀ ﹀ ︿ ︿ ᠤᠯᠠᠮ ᠨᠢᠭᠡ ᠠᠯᠬᠤᠮ ᠲᠣᠰᠬᠤᠨ ᠳ᠋ᠤ ᠰᠠᠭᠤᠭ᠎ᠠ ᠺᠠᠳ᠋ᠷ ᠤᠨ ᠬᠠᠮᠢᠶᠠᠷᠤᠯᠲᠠ ᠶ᠋ᠢ ᠴᠢᠩᠭᠠᠣᠨᠬᠠᠬᠤ ᠲᠤᠬᠠᠢ ᠮᠡᠳᠡᠭᠳᠡᠯ ﹀ ﹀ ︿ ︿ ᠨᠠᠢᠮᠠᠨ ᠬᠤᠰᠢᠭᠤᠨ ᠤ ᠶᠠᠳᠠᠭᠤ ᠡᠴᠠ ᠠᠩᠭᠢᠵᠢᠷᠠᠭᠤᠯᠤᠨ ᠰᠢᠪᠳᠤᠯᠤᠯᠲᠠ ᠬᠢᠬᠦ ᠠᠵᠢᠯᠯᠠᠬᠤ ᠠᠩᠭᠢ ᠶ᠋ᠢᠨ ᠬᠡᠰᠢᠭᠦᠦᠨ ᠢ ᠬᠠᠮᠢᠶᠠᠷᠬᠤ ᠠᠷᠭ᠎ᠠ ﹀ ﹀ ᠵᠡᠷᠭᠡ ᠪᠢᠴᠢᠭ ᠮᠠᠲ᠋ᠸᠷᠢᠶᠠᠯ ᠢ ᠳᠠᠷᠤᠮᠠᠯᠯᠠᠨ ᠳᠠᠷᠬᠠᠭᠠᠵᠤ ᠂ ᠲᠣᠰᠬᠤᠨ ᠳ᠋ᠤ ᠰᠠᠭᠤᠭ᠎ᠠ ᠶᠠᠳᠠᠭᠤ ᠶ᠋ᠢ ᠳᠡᠦᠨᠬᠦᠬᠦ ᠠᠵᠢᠯ ᠤᠨ ᠬᠠᠮᠢᠶᠠᠷᠤᠯᠲᠠ ᠶ᠋ᠢ ᠳᠠᠰᠤᠷᠠᠯᠲᠠ ᠦᠭᠡᠢ ᠴᠢᠩᠭᠠᠣᠨᠬᠠᠵᠤ ᠪᠤᠢ ᠃
      ᠪᠠᠳᠤᠯᠠᠭ᠎ᠠ ᠨᠠᠶᠢᠳᠠᠪᠤᠷᠢᠵᠢᠭᠤᠯᠤᠯᠲᠠ ᠶ᠋ᠢ ᠠᠣᠨᠬᠤᠨ ᠤᠶᠢᠯᠡᠴᠢᠯᠡᠭᠡᠨ ᠤ ᠬᠢᠷᠢ ᠲᠥᠪᠰᠢᠨ ᠢᠶ᠋ᠡᠨ ᠳᠡᠭᠡᠭᠰᠢᠯᠡᠭᠦᠯᠪᠡ ᠃ ᠳᠡᠭᠡᠳᠦ ᠱᠠᠳᠤᠨ ᠤ ᠪᠢᠴᠢᠭ ᠮᠠᠲ᠋ᠸᠷᠢᠶᠠᠯ ᠤᠨ ᠱᠠᠭᠠᠷᠳᠠᠯᠭ᠎ᠠ ᠶᠣᠰᠤᠭᠠᠷ ᠲᠣᠰᠬᠤᠨ ᠳ᠋ᠤ ᠰᠠᠭᠤᠭ᠎ᠠ ᠠᠵᠢᠯᠯᠠᠬᠤ ᠠᠩᠭᠢ ᠪᠣᠯᠣᠨ ᠨᠢᠭᠡᠳᠦᠭᠡᠷ ᠱᠦᠵᠢ ᠶ᠋ᠢᠨ ᠠᠵᠢᠯ ᠤᠨ ᠰᠦᠢᠦᠨᠬᠡᠯ ᠢ ᠴᠠᠭ ᠲᠤᠬᠠᠢ ᠳ᠋ᠦ᠋ᠨᠢ ᠬᠠᠩᠭᠠᠵᠤ ᠂ ᠲᠣᠮᠢᠯᠠᠬᠰᠠᠨ ᠨᠢᠭᠡᠴᠡ ᠠᠮᠢᠳᠤᠷᠠᠯ ᠤᠨ ᠨᠥᠬᠦᠪᠦᠷᠢ ᠶ᠋ᠢ ᠳᠣᠬᠲᠠᠭᠠᠯ ᠶᠣᠰᠤᠭᠠᠷ ᠪᠠᠳᠤᠯᠠᠵᠤ ᠂ ᠡᠯ᠎ᠡ ᠲᠠᠯ᠎ᠠ ᠶ᠋ᠢᠨ ᠤᠶᠢᠯᠡᠴᠢᠯᠡᠭᠡ ᠪᠠ ᠪᠠᠳᠤᠯᠠᠭ᠎ᠠ ᠶ᠋ᠢᠨ ᠠᠵᠢᠯ ᠢ ᠰᠠᠶᠢᠳᠤᠷ ᠬᠢᠵᠦ ᠂ ᠠᠵᠢᠯᠯᠠᠬᠤ ᠠᠩᠭᠢ ᠶ᠋ᠢᠨ ᠬᠡᠰᠢᠭᠦᠦᠨ ᠤᠨ ᠳᠣᠷᠤᠬᠰᠢ ᠪᠠᠭᠤᠵᠤ ᠳᠣᠬᠲᠠᠪᠤᠷᠢ ᠲᠠᠢ ᠰᠠᠭᠤᠬᠤ  ᠶ᠋ᠢ ᠦᠨᠡᠨᠬᠦ ᠪᠠᠳᠤᠯᠠᠵᠤ ᠪᠤᠢ ᠃
ᠨᠡᠶᠢᠲᠡᠯᠢᠭ ᠵᠢᠱᠢᠶ᠎ᠡ ᠶ᠋ᠢ ᠠᠣᠨᠬᠤᠨ ᠤᠬᠠᠭᠤᠯᠤᠯ ᠵᠢᠯᠤᠭᠤᠳᠤᠯᠭ᠎ᠠ ᠶ᠋ᠢ ᠬᠦᠨᠲᠦᠦᠨᠬᠡᠪᠡ ᠃ ᠨᠢᠭᠡ ᠪᠦᠯᠦᠭ ᠤᠨᠤᠪᠴᠢᠲᠠᠢ ᠪᠠᠷ ᠶᠠᠳᠠᠭᠤ ᠶ᠋ᠢ ᠳᠡᠦᠨᠬᠦᠭᠰᠡᠨ ᠲᠡᠷᠢᠭᠦᠨ ᠦ ᠵᠢᠱᠢᠶ᠎ᠡ ᠂ ᠲᠡᠷᠢᠭᠦᠨ ᠦ ᠬᠦᠮᠦᠰ ᠢ ᠰᠢᠯᠢᠨ ᠰᠤᠩᠭᠤᠵᠤ ︿ ︿ ᠨᠠᠢᠮᠠᠨ ᠤ ᠵᠠᠰᠠᠭ ᠤᠨ ᠶᠠᠪᠤᠳᠠᠯ ﹀ ﹀ ︿ ︿ ᠢᠳᠡᠪᠬᠢ ᠬᠦᠴᠦᠨ ᠪᠦᠬᠦᠢ ᠨᠠᠢᠮᠠᠨ ﹀ ﹀ ᠸᠢᠴᠠᠲ ᠤᠨ ᠰᠥᠷᠦᠭ ᠪᠣᠯᠣᠨ ᠬᠤᠰᠢᠭᠤᠨ ᠤ ᠷᠠᠳᠢᠣ᠋ ᠲᠸᠯᠸᠢᠰ ᠬᠣᠷᠢᠶ᠎ᠠ ᠶ᠋ᠢᠨ ᠲᠤᠰᠬᠠᠢ ᠪᠣᠯᠤᠩ ᠢᠶᠠᠷ ᠳᠠᠮᠵᠢᠭᠤᠯᠤᠨ ᠢᠳᠡᠪᠬᠢᠲᠡᠢ ᠮᠡᠳᠡᠭᠡᠯᠡᠨ ᠤᠬᠠᠭᠤᠯᠵᠤ ᠲᠡᠷᠢᠭᠦᠨ ᠦ ᠬᠢ ᠡᠴᠡ ᠰᠤᠷᠤᠯᠴᠠᠬᠤ ᠶ᠋ᠢ ᠡᠷᠬᠢᠮᠨᠡᠨ ᠣᠨᠤᠪᠴᠢᠲᠠᠢ ᠪᠠᠷ ᠶᠠᠳᠠᠭᠤ ᠶ᠋ᠢ ᠳᠡᠦᠨᠬᠦᠬᠦ ᠣᠷᠮ᠎ᠠ ᠵᠣᠷᠢᠭ ᠤᠷ᠎ᠠ ᠤᠬᠠᠭᠠᠨ ᠢ ᠨᠢ ᠬᠥᠭᠵᠢᠭᠡᠵᠦ ᠪᠤᠢ ᠃
ᠪᠤᠳᠠᠳᠤ ᠦᠷ᠎ᠡ ᠠᠰᠢᠭ ᠢ ᠠᠣᠨᠬᠤᠨ ᠶᠠᠳᠠᠭᠤ ᠶ᠋ᠢ ᠳᠡᠦᠨᠬᠦᠬᠦ ᠡᠭᠦᠷᠭᠡ ᠶ᠋ᠢ ᠨᠠᠶᠢᠳᠠᠪᠤᠷᠢᠵᠢᠭᠤᠯᠪᠠ ᠃ ᠶᠠᠳᠠᠭᠤ ᠶ᠋ᠢ ᠳᠡᠦᠨᠬᠦᠬᠦ ᠠᠵᠢᠯ ᠤᠨ ᠪᠣᠳᠠᠳᠤ ᠦᠷ᠎ᠡ ᠠᠰᠢᠭ ᠢ ᠲᠡᠮᠡᠴᠡᠨ ᠣᠯᠬᠤ ᠶ᠋ᠢᠨ ᠲᠥᠯᠦᠭᠡ ᠂ ᠲᠣᠰᠬᠤᠨ ᠳ᠋ᠤ ᠰᠠᠭᠤᠭ᠎ᠠ ᠠᠵᠢᠯᠯᠠᠬᠤ ᠠᠩᠭᠢ ᠶ᠋ᠢᠨ ᠬᠡᠰᠢᠭᠦᠦᠨ ᠨᠢᠭᠡ ᠵᠢᠯ ᠳ᠋ᠦ 200 ᠡᠳᠥᠷ ᠲᠣᠰᠬᠤᠨ ᠳ᠋ᠤ ᠰᠠᠭᠤᠬᠤ ᠶ᠋ᠢ ᠪᠠᠳᠤᠯᠠᠵᠤ ᠂ ᠶᠠᠳᠠᠭᠤ ᠡᠷᠦᠬᠡ ᠪᠣᠯᠣᠨ ᠶᠠᠳᠠᠭᠤ ᠲᠣᠰᠬᠤᠨ ᠤ ᠦᠨᠡᠨ ᠪᠣᠳᠠᠳᠤ ᠪᠠᠶᠢᠳᠠᠯ ᠢ ᠦᠨᠡᠨᠬᠦ ᠤᠶᠢᠯᠠᠭᠠᠵᠤ ᠂  ᠶᠠᠳᠠᠭᠤ ᠡᠷᠦᠬᠡ ᠪᠦᠬᠦᠨ ᠶᠠᠳᠠᠭᠤ ᠡᠴᠠ ᠠᠩᠭᠢᠵᠢᠷᠠᠬᠤ ᠲᠥᠯᠦᠪᠯᠡᠭᠡ ᠳᠣᠬᠲᠠᠭᠠᠵᠤ ᠂ ᠲᠣᠰᠬᠤᠨ ᠤ ᠬᠢᠨ ᠬᠠᠮᠳᠤ ᠶ᠋ᠢᠨ ᠠᠵᠤ ᠠᠬᠤᠢ ᠶ᠋ᠢ ᠬᠡᠷᠬᠢᠨ ᠬᠥᠭᠵᠢᠭᠦᠯᠦᠨ ᠪᠤᠵᠠᠭᠠᠶᠢᠷᠠᠭᠤᠯᠬᠤ ᠲᠥᠰᠥᠪ ᠵᠣᠬᠢᠶᠠᠨ ᠶᠠᠳᠠᠭᠤ ᠶ᠋ᠢ ᠳᠡᠦᠨᠬᠦᠬᠦ ᠠᠵᠢᠯ ᠤᠨ ᠦᠷ᠎ᠡ ᠠᠰᠢᠭ ᠢ ᠦᠨᠡᠨᠬᠦ ᠪᠠᠳᠤᠯᠠᠵᠤ ᠪᠤᠢ ᠃  ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ