ᠨᠠᠢᠮᠠᠨ ᠬᠤᠰᠢᠭᠤ ᠲᠡᠵᠢᠭᠡᠪᠦᠷᠢ ᠶ᠋ᠢᠨ ᠤᠶᠢᠯᠡᠰ ᠢ ᠢᠳᠡᠪᠬᠢᠲᠡᠢ ᠬᠥᠭᠵᠢᠭᠦᠯᠵᠦ ᠪᠤᠢ

ᠣᠩᠰᠢᠭᠰᠠᠨ ᠤᠳᠠᠭ᠎ᠠ ᠄ 6120     ᠨᠡᠶᠢᠳᠡᠯᠡᠭᠰᠡᠨ ᠴᠠᠭ ᠄ 2018/8/22 9:11:17

      ᠨᠠᠢᠮᠠᠨ ᠬᠤᠰᠢᠭᠤ ᠬᠥᠳᠡᠭᠡ ᠲᠣᠰᠬᠤᠨ ᠤ ᠠᠵᠤ ᠠᠬᠤᠢ ᠶ᠋ᠢᠨ ᠪᠦᠳᠦᠴᠡ  ᠶ᠋ᠢ ᠰᠢᠯᠢᠳᠡᠭᠵᠢᠭᠦᠯᠦᠨ ᠶᠠᠳᠠᠭᠤ ᠡᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠠᠶᠢᠯᠠᠯᠳᠤᠭᠠᠨ ᠤ ᠡᠴᠦᠰ ᠦᠨ ᠢᠯᠠᠯᠲᠠ ᠶ᠋ᠢ ᠯᠠᠪᠳᠠᠭᠤᠨ ᠪᠠᠳᠤᠲᠠᠢ ᠲᠡᠮᠡᠴᠡᠨ ᠣᠯᠬᠤ  ᠶ᠋ᠢᠨ ᠲᠥᠯᠦᠭᠡ ᠂ ᠲᠡᠵᠢᠭᠡᠪᠦᠷᠢ ᠶ᠋ᠢᠨ ᠤᠶᠢᠯᠡᠰ ᠲᠤ ᠨᠢᠮᠪᠠᠢ ᠲᠣᠬᠢᠷᠠᠭᠤᠯᠤᠯᠲᠠ ᠬᠢᠵᠦ ︿ ︿ ᠦᠬᠡᠷ ᠬᠣᠨᠢ ᠶ᠋ᠢ ᠨᠡᠮᠡᠭᠳᠡᠭᠦᠯᠦᠨ ᠂ ᠡᠯᠵᠢᠭᠡ ᠶ᠋ᠢ ᠥᠷᠭᠡᠦᠨᠬᠡᠵᠦ ᠂ ᠵᠢᠭᠦᠷᠲᠡᠨ ᠢ ᠬᠥᠭᠵᠢᠭᠦᠯᠬᠦ ﹀ ﹀ ᠶ᠋ᠢ ᠪᠠᠷᠢᠮᠲᠠᠯᠠᠨ  ᠬᠡᠪᠴᠢᠶᠡᠵᠢᠭᠰᠡᠨ ᠂ ᠪᠠᠷᠢᠮᠵᠢᠶᠠᠵᠢᠬᠰᠠᠨ ᠂ ᠤᠶᠢᠯᠡᠦᠨᠪᠦᠷᠢᠵᠢᠭᠰᠡᠨ ᠲᠡᠵᠢᠭᠡᠪᠦᠷᠢ ᠶ᠋ᠢᠨ ᠬᠡᠪ ᠵᠠᠬᠪᠤᠷ ᠢ ᠬᠡᠷᠡᠭᠵᠢᠭᠦᠯᠵᠦ ᠂ ᠤᠯᠠᠮᠵᠢᠯᠠᠯᠲᠤ ᠲᠡᠵᠢᠭᠡᠪᠦᠷᠢ ᠡᠴᠡ ᠪᠡᠨ ᠣᠳᠣᠬᠢᠴᠢᠯᠠᠬᠰᠠᠨ ᠲᠡᠵᠢᠭᠡᠪᠦᠷᠢ ᠶ᠋ᠢᠨ ᠬᠡᠯᠪᠡᠷᠢ ᠵᠦᠭ ᠬᠥᠭᠵᠢᠭᠦᠯᠵᠦ ᠪᠤᠢ ᠃

     ᠡᠨᠡ ᠵᠢᠯ ᠂ ᠨᠠᠢᠮᠠᠨ ᠬᠤᠰᠢᠭᠤᠨ ᠤ ᠰᠢᠨ᠎ᠡ ᠪᠡᠷ ᠨᠡᠮᠡᠭᠳᠡᠭᠰᠡᠨ ᠮᠠᠯ ᠳᠡᠵᠢᠭᠡᠪᠦᠷᠢ ᠶ᠋ᠢᠨ ᠣᠨ ᠤ ᠨᠡᠮᠡᠭᠳᠡᠯ ᠲᠣᠭ᠎ᠠ 12.5 ᠲᠦᠮᠡᠨ ᠲᠣᠯᠤᠭᠠᠢ ᠪᠠᠶᠢᠵᠤ ᠂ ᠮᠠᠯ ᠲᠡᠵᠢᠭᠡᠪᠦᠷᠢ ᠶ᠋ᠢᠨ ᠶᠡᠷᠦᠩᠬᠡᠢ ᠲᠣᠭ᠎ᠠ 286.5 ᠲᠦᠮᠡᠨ ᠲᠣᠯᠤᠭᠠᠢ ᠳ᠋ᠤ ᠬᠦᠷᠴᠡᠢ ᠃ ᠡᠭᠦᠯᠳᠡᠷ ᠰᠠᠶᠢᠵᠢᠷᠠᠭᠤᠯᠬᠤ  ᠢᠨᠵᠸᠨ᠋ᠸᠷᠢᠩ ᠢ ᠢᠳᠡᠪᠬᠢᠲᠡᠢ ᠬᠡᠷᠡᠭᠵᠢᠭᠦᠯᠦᠨ ᠤᠯᠠᠭᠠᠨ ᠦᠬᠡᠷ ᠦᠨ ᠡᠭᠦᠯᠳᠡᠷ ᠰᠠᠶᠢᠵᠢᠷᠠᠭᠤᠯᠬᠤ ᠥᠷᠲᠡᠭᠡ 216 ᠪᠣᠯᠵᠤ ᠂ 5.8 ᠲᠦᠮᠡᠨ ᠦᠨᠢᠶᠡᠨ ᠳ᠋ᠦ ᠬᠥᠯᠳᠡᠭᠦᠦ ᠦᠷ᠎ᠡ ᠪᠡᠷ ᠬᠡᠭᠡᠯᠳᠦᠭᠦᠯᠭᠡ ᠬᠢᠵᠡᠢ ᠃ ᠠᠯᠠᠰᠢᠨ ᠦᠬᠡᠷ ᠦᠨ ᠡᠭᠦᠯᠳᠡᠷ ᠰᠠᠶᠢᠵᠢᠷᠠᠭᠤᠯᠬᠤ ᠥᠷᠲᠡᠭᠡ ᠶ᠋ᠢ 50 ᠪᠠᠶᠢᠭᠤᠯᠵᠤ ᠭᠠᠷ ᠬᠡᠭᠡᠯᠳᠦᠭᠦᠯᠭᠡ ᠶ᠋ᠢᠨ ᠰᠠᠭᠤᠷᠢᠨ ᠢ 5 ᠪᠠᠶᠢᠭᠤᠯᠤᠨ ᠰᠢᠯᠢᠳᠡᠭ ᠡᠭᠦᠯᠳᠡᠷ ᠦᠨ ᠬᠤᠴᠠ ᠶ᠋ᠢ 320 ᠲᠠᠷᠬᠠᠭᠠᠵᠤ ᠪᠦᠬᠦ ᠬᠤᠰᠢᠭᠤᠨ ᠤ ᠮᠠᠯ ᠤᠨ ᠡᠭᠦᠯᠳᠡᠷ ᠰᠠᠶᠢᠵᠢᠷᠠᠭᠤᠯᠤᠬᠰᠠᠨ ᠨᠣᠷᠮ᠎ᠠ ᠵᠠᠭᠤᠨ ᠤ ᠶᠢᠷᠡᠨ ᠲᠠᠪᠤ᠋ ᠳ᠋ᠤ ᠬᠦᠷᠴᠡᠢ ᠃ ᠡᠭᠦᠯᠳᠡᠷ ᠰᠠᠶᠢᠲᠠᠢ ᠦᠨᠢᠶ᠎ᠡ ᠲᠦᠮᠡᠨ ᠲᠣᠯᠤᠭᠠᠢ ᠶ᠋ᠢ ᠳᠠᠪᠠᠬᠰᠠᠨ ᠰᠤᠮᠤ ᠰᠢᠶᠠᠩ ᠪᠠᠯᠭᠠᠰᠤ 3 ᠪᠣᠯᠵᠤ ᠵᠠᠭᠤᠨ ᠲᠣᠯᠤᠭᠠᠢ ᠶ᠋ᠢ ᠳᠠᠪᠠᠬᠰᠠᠨ ᠦᠨᠢᠶ᠎ᠡ ᠲᠠᠢ ᠳᠡᠵᠢᠭᠡᠪᠦᠷᠢ ᠶ᠋ᠢᠨ ᠲᠠᠯᠠᠪᠠᠢ 50 ᠪᠤᠢ ᠃ 

                                                                 ( ᠪᠤᠶᠠᠨᠴᠤᠬᠯᠠ )

ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ