ᠬᠠᠷᠠᠭᠤᠯ ᠲᠠᠯ᠎ᠠ ᠲᠣᠰᠬᠤᠨ ᠤ ᠠᠭᠠᠯᠢᠭ ᠠᠯᠢᠮ᠎ᠠ ᠬᠠᠷᠪᠢᠨ ᠤ ᠵᠠᠬ᠎ᠠ ᠳ᠋ᠤ ᠭᠠᠷᠴᠤ ᠪᠤᠢ

ᠣᠩᠰᠢᠭᠰᠠᠨ ᠤᠳᠠᠭ᠎ᠠ ᠄ 6375     ᠨᠡᠶᠢᠳᠡᠯᠡᠭᠰᠡᠨ ᠴᠠᠭ ᠄ 2018/8/27 8:57:27

ᠨᠠᠢᠮᠠᠨ ᠬᠤᠰᠢᠭᠤᠨ ᠤ ᠳ᠋ᠦᠩ ᠮᠢᠩ ᠪᠠᠯᠭᠠᠰᠤ ᠶ᠋ᠢᠨ ᠬᠠᠷᠠᠭᠤᠯ ᠲᠠᠯ᠎ᠠ ᠲᠣᠰᠬᠤᠨ ᠤ ᠠᠭᠠᠯᠢᠭ ᠠᠯᠢᠮ᠎ᠠ ᠬᠠᠷᠪᠢᠨ ᠤ ᠵᠢᠮᠢᠰ ᠦᠨ ᠵᠠᠬ᠎ᠠ ᠳᠡᠯᠭᠡᠭᠦᠷ ᠲᠦ ᠭᠠᠷᠴᠤ ᠪᠣᠷᠤᠯᠠᠭᠤᠯᠭ᠎ᠠ ᠰᠠᠶᠢᠲᠠᠢ ᠪᠠᠶᠢᠨ᠎ᠠ ᠃
ᠡᠨᠡ ᠵᠢᠯ ᠬᠠᠷᠠᠭᠤᠯ ᠲᠠᠯ᠎ᠠ ᠲᠣᠰᠬᠤᠨ ᠤ 200 ᠮᠦ ᠠᠭᠠᠯᠢᠭ ᠠᠯᠢᠮ᠎ᠠ ᠪᠠᠶᠠᠷᠯᠠᠭᠤᠰᠢᠲᠠᠢ ᠡᠯᠪᠡᠭ ᠬᠤᠷᠢᠶᠠᠯᠲᠠ ᠣᠯᠵᠤ ᠂  ᠮᠣᠳᠣ ᠪᠦᠷᠢ ᠳᠣᠮᠳᠠᠴᠢ ᠪᠠᠷ 50 ᠵᠢᠩ ᠵᠢᠮᠢᠰ ᠬᠤᠷᠢᠶᠠᠵᠤ ᠂ ᠮᠦ ᠨᠢᠭᠡᠴᠢ ᠶ᠋ᠢᠨ ᠣᠷᠤᠯᠭ᠎ᠠ 2000 ᠲᠥᠭᠦᠷᠢᠭ ᠲᠦ ᠬᠦᠷᠴᠡᠢ ᠃ ᠬᠠᠷᠪᠢᠨ ᠤ ᠬᠤᠳᠠᠯᠳᠤᠭᠠᠴᠢᠨ ᠨᠢᠳᠤᠨᠤᠨ ᠡᠴᠠ ᠡᠬᠢᠯᠡᠨ ᠬᠠᠷᠠᠭᠤᠯ ᠲᠠᠯ᠎ᠠ ᠲᠣᠰᠬᠤᠨ ᠳ᠋ᠤ ᠢᠷᠡᠵᠦ ᠪᠠᠶᠢᠴᠠᠭᠠᠨ ᠰᠢᠨᠵᠢᠯᠡᠵᠦ ᠬᠤᠳᠠᠯᠳᠤᠨ ᠠᠪᠬᠤ ᠵᠥᠪᠳᠡᠯᠴᠡᠭᠡᠷ ᠳᠣᠬᠲᠠᠨ ᠂ ᠮᠡᠷᠭᠡᠵᠢᠯ ᠬᠠᠮᠢᠶᠠᠷᠤᠯᠲᠠ ᠵᠡᠷᠭᠡ ᠤᠶᠢᠯᠡᠴᠢᠯᠡᠭᠡ ᠬᠠᠩᠭᠠᠵᠤ  ᠪᠤᠢ ᠃
                                                      ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ