ᠨᠠᠢᠮᠠᠨ ᠬᠤᠰᠢᠭᠤᠨ ᠤ ᠴᠠᠬᠳᠠᠭᠠᠨ ᠤ ᠲᠠᠯ᠎ᠠ ᠶ᠋ᠢᠨ ᠬᠢᠨ ᠬᠣᠤᠷ ᠠᠷᠢᠯᠭᠠᠬᠤ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠵᠦ ᠪᠤᠢ

ᠣᠩᠰᠢᠭᠰᠠᠨ ᠤᠳᠠᠭ᠎ᠠ ᠄ 6210     ᠨᠡᠶᠢᠳᠡᠯᠡᠭᠰᠡᠨ ᠴᠠᠭ ᠄ 2018/8/25 9:13:51

       6-9 ᠰᠠᠷ᠎ᠠ ᠪᠣᠯ ᠬᠣᠤᠷᠠᠳᠤ ᠪᠣᠳᠠᠰ ᠤᠨ ᠲᠠᠷᠢᠮᠠᠯ ᠤᠨ ᠬᠥᠭᠵᠢᠶᠡᠨ ᠲᠠᠢ ᠤᠯᠠᠷᠢᠯ ᠪᠠᠶᠢᠵᠤ ᠂ ᠡᠨᠡ ᠬᠦ ᠵᠠᠩᠬᠢᠯᠠᠭ᠎ᠠ ᠶ᠋ᠢᠨ ᠴᠠᠭ ᠬᠤᠭᠤᠴᠠᠭᠠᠨ ᠳ᠋ᠤ ᠨᠠᠢᠮᠠᠨ ᠬᠤᠰᠢᠭᠤᠨ ᠤ ᠴᠠᠬᠳᠠᠭᠠᠨ ᠤ ᠲᠠᠯ᠎ᠠ ᠶ᠋ᠢᠨ ᠬᠢᠨ ᠵᠣᠬᠢᠶᠠᠨ ᠪᠠᠶᠢᠭᠤᠯᠤᠯᠲᠠ ᠲᠠᠢ ᠪᠠᠷ ᠲᠥᠪᠯᠡᠷᠡᠩᠭᠦᠢ ᠰᠠᠷ᠎ᠠ ᠶ᠋ᠢᠨ ᠬᠣᠭᠣᠴᠠᠭ᠎ᠠ ᠲᠠᠢ ︿ ︿ ᠲᠠᠷᠢᠬᠤ ᠶ᠋ᠢ ᠬᠣᠷᠢᠬᠯᠠᠨ ᠬᠣᠤᠷ ᠢ ᠠᠷᠢᠯᠭᠠᠬᠤ ﹀ ﹀ ᠣᠴᠢᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ ᠪᠤᠢ ᠃ ᠠᠵᠢᠯᠯᠠᠭᠠᠨ ᠤ ᠳᠣᠮᠳᠠ ᠂ ᠪᠦᠬᠦ ᠬᠤᠰᠢᠭᠤᠨ ᠤ 15 ᠲᠣᠮᠢᠯᠠᠬᠰᠠᠨ ᠰᠠᠯᠪᠤᠷᠢ ᠶ᠋ᠢᠨ 150 ᠭᠠᠷᠤᠢ ᠴᠠᠬᠳᠠᠭ᠎ᠠ ᠨᠠᠷ 14 ᠰᠤᠮᠤ ᠰᠢᠶᠠᠩ ᠪᠠᠯᠭᠠᠰᠤ ᠲᠠᠯᠠᠪᠠᠢ 355 ᠵᠠᠰᠠᠭ ᠵᠠᠬᠢᠷᠭᠠᠨ ᠤ ᠭᠠᠴᠠᠭ᠎ᠠ ᠲᠣᠰᠬᠤᠨ 12 ᠨᠡᠶᠢᠭᠡᠮ ᠲᠣᠭᠤᠷᠢᠭ ᠲᠤ ᠭᠦᠨᠵᠡᠬᠡᠶᠢᠷᠡᠨ ᠂ ᠪᠦᠬᠦ ᠲᠠᠯ᠎ᠠ ᠪᠠᠷ ᠲᠤᠶᠢᠯᠪᠤᠷᠢᠲᠠᠢ  ᠪᠠᠶᠢᠴᠠᠭᠠᠯᠲᠠ ᠬᠢᠬᠦ ᠶ᠋ᠢ ᠪᠡᠶᠡᠯᠡᠭᠦᠯᠵᠡᠢ ᠃ ᠣᠴᠢᠨ ᠪᠠᠶᠢᠴᠠᠭᠠᠬᠤ ᠳᠣᠮᠳᠠ ᠴᠠᠬᠳᠠᠭ᠎ᠠ ᠨᠠᠷ ︿ ︿ ᠬᠠᠷᠠᠩᠭᠤᠢ  ᠬᠡᠰᠡᠭ ᠤᠨ ᠬᠣᠭᠤᠰᠤᠨ ᠭᠠᠵᠠᠷ ᠢ ᠬᠣᠴᠣᠷᠭᠠᠯ ᠦᠭᠡᠢ ᠂ ᠮᠤᠬᠤᠷ ᠭᠤᠳᠤᠮᠵᠢ ᠥᠨᠴᠥᠭ ᠪᠣᠯᠤᠩ ᠢ ᠣᠷᠬᠢᠯ ᠦᠭᠡᠢ ᠂ ᠰᠤᠮᠤ ᠪᠠᠯᠭᠠᠰᠤᠨ ᠳ᠋ᠤ ᠭᠠᠴᠠᠭ᠎ᠠ ᠲᠣᠰᠬᠤᠨ ᠢ ᠦᠯᠡᠳᠡᠭᠡᠯ ᠦᠭᠡᠢ ᠂ ᠭᠠᠴᠠᠭ᠎ᠠ ᠲᠣᠰᠬᠤᠨ ᠳ᠋ᠤ ᠳᠣᠭᠤᠶᠢᠯᠠᠩ ᠪᠦᠬᠦᠨ ᠢ ᠬᠠᠶᠠᠯ ᠦᠭᠡᠢ ᠂ ᠲᠣᠭᠤᠶᠢᠯᠠᠩ ᠪᠣᠯᠭᠠᠨ ᠳ᠋ᠤ ᠭᠡᠷ ᠡᠷᠦᠬᠡ ᠶ᠋ᠢ ᠭᠡᠭᠡᠭᠳᠡᠭᠦᠯᠦᠯ ᠦᠭᠡᠢ ﹀ ﹀ ᠠᠵᠢᠯ ᠤᠨ ᠱᠠᠭᠠᠷᠳᠠᠯᠭ᠎ᠠ ᠪᠠᠷ ᠲᠠᠷᠢᠶᠠᠨ ᠭᠠᠵᠠᠷ ᠤᠨ ᠦᠵᠦᠭᠦᠷ ᠪᠣᠯᠤᠩ ᠂ ᠡᠷᠦᠬᠡ ᠭᠡᠷ ᠦᠨ ᠠᠷᠤ ᠥᠪᠥᠷ ᠂ ᠠᠲᠠᠷ ᠪᠡᠷᠬᠡ ᠠᠬᠠᠯᠠᠭ ᠣᠢ ᠵᠡᠷᠭᠡ ᠭᠣᠤᠯᠳᠠᠯᠭᠠᠳᠤ ᠬᠦᠷᠢᠶ᠎ᠡ ᠬᠡᠪᠴᠢᠶᠡᠨ ᠳ᠋ᠦ ᠴᠦᠮ ᠪᠡᠶ᠎ᠡ ᠪᠡᠷ ᠢᠶ᠋ᠡᠨ ᠬᠦᠷᠴᠦ ᠣᠴᠢᠨ ᠪᠠᠶᠢᠴᠠᠭᠠᠯᠲᠠ ᠬᠢᠬᠦ ᠶ᠋ᠢ ᠪᠡᠶᠡᠯᠡᠭᠦᠯᠵᠦ ᠪᠤᠢ ᠃ ᠬᠠᠮᠳᠤ ᠳ᠋ᠦ᠋ᠨᠢ ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠂ ᠭᠠᠴᠠᠭ᠎ᠠ ᠲᠣᠰᠬᠤᠨ ᠤ ᠠᠷᠠᠳ ᠤᠨ ᠭᠡᠷ ᠲᠦ ᠬᠦᠷᠴᠦ ᠂ ᠣᠯᠠᠨ ᠲᠦᠮᠡᠨ ᠳ᠋ᠦ ︿ ︿ ᠪᠦᠭᠦᠲᠡ ᠨᠠᠶᠢᠷᠠᠮᠳᠠᠬᠤ ᠳᠣᠮᠳᠠᠳᠤ ᠠᠷᠠᠳ ᠤᠯᠤᠰ ᠤᠨ ᠬᠣᠤᠷ ᠴᠠᠭᠠᠵᠠᠯᠠᠬᠤ ᠬᠠᠤᠯᠢ ﹀ ﹀ ᠵᠡᠷᠭᠡ ᠬᠠᠤᠯᠢ ᠴᠠᠭᠠᠵᠠ ᠶ᠋ᠢᠨ ᠲᠤᠬᠠᠢ ᠤᠬᠠᠭᠤᠯᠭ᠎ᠠ ᠶ᠋ᠢᠨ ᠮᠠᠲ᠋ᠸᠷᠢᠶᠠᠯ ᠢ ᠲᠠᠷᠬᠠᠭᠠᠵᠤ ᠂ ᠲᠤᠬᠠᠢ ᠶ᠋ᠢᠨ ᠲᠠᠯᠠᠪᠤᠷ ᠲᠤ ᠪᠠᠰᠠ ᠬᠠᠤᠯᠢ ᠪᠣᠰᠤ ᠪᠠᠷ ᠬᠣᠤᠷᠠᠳᠤ ᠲᠠᠷᠢᠮᠠᠯ ᠲᠠᠷᠢᠬᠤ ᠪᠠ ᠬᠣᠤᠷᠠᠳᠤ ᠪᠣᠳᠠᠰ ᠤᠨ ᠬᠣᠤᠷ ᠬᠥᠨᠦᠭᠡᠯ ᠦᠨ ᠲᠤᠬᠠᠢ ᠵᠡᠷᠭᠡ ᠬᠠᠤᠯᠢ ᠶ᠋ᠢᠨ ᠮᠡᠳᠡᠯᠭᠡ ᠶ᠋ᠢᠨ ᠲᠠᠶᠢᠯᠤᠮᠵᠢ ᠬᠢᠵᠦ ᠬᠥᠮᠥᠰ ᠢ ᠶᠡᠬᠡᠪᠡᠷ ᠤᠬᠠᠭᠠᠷᠠᠭᠤᠯᠵᠤ ᠪᠠᠶᠢᠨ᠎ᠠ ᠃                  

                                                              ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ