ᠨᠠᠢᠮᠠᠨ ᠬᠤᠰᠢᠭᠤ ᠬᠤᠳᠠᠯᠳᠤᠭᠠᠴᠢᠨ ᠤᠷᠢᠵᠤ ᠪᠡᠯᠡ ᠣᠷᠤᠭᠤᠯᠤᠯᠲᠠ ᠶ᠋ᠢ ᠴᠢᠩᠭᠠᠣᠨᠬᠠᠵᠤ ᠪᠠᠶᠢᠨ᠎ᠠ

ᠣᠩᠰᠢᠭᠰᠠᠨ ᠤᠳᠠᠭ᠎ᠠ ᠄ 84     ᠨᠡᠶᠢᠳᠡᠯᠡᠭᠰᠡᠨ ᠴᠠᠭ ᠄ 2018/9/2 8:54:55

ᠨᠠᠢᠮᠠᠨ ᠬᠤᠰᠢᠭᠤ ᠬᠤᠳᠠᠯᠳᠤᠭᠠᠴᠢᠨ ᠤᠷᠢᠵᠤ ᠪᠡᠯᠡ ᠮᠥᠩᠭᠥ ᠣᠷᠤᠭᠤᠯᠤᠨ ᠠᠪᠴᠢᠷᠠᠵᠤ ᠠᠵᠤ ᠠᠬᠤᠢ ᠶ᠋ᠢᠨ ᠪᠠᠳᠦ ᠰᠠᠭᠤᠷᠢ ᠪᠣᠯᠭᠠᠨ ᠬᠥᠭᠵᠢᠯᠲᠡ ᠶ᠋ᠢᠨ ᠰᠢᠨ᠎ᠡ ᠬᠦᠳᠡᠯᠭᠡᠬᠦ ᠬᠦᠴᠦᠨ ᠢ ᠴᠢᠩᠭᠠᠷᠠᠭᠤᠯᠤᠨ ︿ ︿ ᠲᠠᠪᠤᠨ ᠶᠡᠬᠡ ᠪᠦᠬᠦ ᠠᠵᠤ ᠤᠶᠢᠯᠡᠰ ᠤᠨ ᠬᠡᠯᠬᠢᠶ᠎ᠡ ﹀ ﹀ ᠶ᠋ᠢ ᠪᠣᠶᠢᠵᠢᠭᠤᠯᠬᠤ ᠶ᠋ᠢᠨ ᠲᠣᠭᠤᠷᠢᠨ ᠳ᠋ᠤ ᠂ ᠲᠤᠰᠬᠠᠢ ᠮᠡᠷᠭᠡᠵᠢᠯ ᠦᠨ ᠬᠤᠳᠠᠯᠳᠤᠭᠠᠴᠢᠨ ᠤᠷᠢᠬᠤ ᠲᠣᠪᠴᠢᠶ᠎ᠠ ᠶ᠋ᠢ  5 ᠲᠣᠬᠢᠷᠠᠭᠤᠯᠤᠨ ᠭᠠᠳᠠᠬᠰᠢ ᠲᠣᠮᠢᠯᠠᠨ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ ᠪᠤᠢ ᠃ ᠬᠤᠰᠢᠭᠤᠨ ᠤ ᠨᠠᠮ ᠤᠨ ᠬᠣᠷᠢᠶ᠎ᠠ ᠵᠠᠰᠠᠭ ᠤᠨ ᠣᠷᠳᠤᠨ ᠤ ᠭᠣᠤᠯ ᠤᠳᠤᠷᠢᠳᠤᠯᠭ᠎ᠠ ᠪᠣᠯᠣᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠡᠴᠠ ᠥᠪᠡᠷ ᠲᠡᠬᠡᠨ ᠳᠤᠭᠤᠶᠢᠯᠠᠩ ᠳᠠᠭᠠᠭᠤᠯᠤᠨ ᠪᠡᠭᠡᠵᠢᠩ ᠂ ᠲᠢᠶᠠᠨᠵᠢᠨ ᠂ ᠱᠸᠨᠵᠸᠨ ᠂ ᠱᠠᠨᠳᠦ᠋ᠩ ᠵᠡᠷᠭᠡ ᠭᠠᠵᠠᠷ ᠲᠤ ᠬᠦᠷᠴᠦ ᠂ ᠤᠷᠢᠳ ᠬᠣᠵᠢᠳ ᠵᠦᠩ ᠠᠨ ᠺᠠᠩ ᠪᠥᠯᠦᠭᠯᠡᠯ ᠂ ᠳᠣᠮᠳᠠᠳᠤ ᠶ᠋ᠢᠨ ᠪᠤᠳᠠᠭᠠᠨ ᠴᠢᠯᠠᠭᠤ ᠂ ᠱᠠᠨᠳᠦ᠋ᠩ ᠤᠨ ᠿᠢ ᠵᠣᠤ ᠶ᠋ᠢᠨ ᠯᠢᠩ ᠶᠦᠨ ᠬᠠᠢ ᠪᠥᠯᠦᠭᠯᠡᠯ ᠵᠡᠷᠭᠡ  30 ᠭᠠᠷᠤᠢ ᠠᠵᠤ ᠠᠬᠤᠶᠢᠯᠠᠯ ᠲᠠᠢ ᠪᠦᠳᠦᠮᠵᠢᠲᠡᠢ ᠵᠣᠯᠭᠠᠯᠳᠤᠵᠠᠢ ᠃ ᠡᠨᠡ ᠵᠢᠯ ᠦᠨ ᠳᠡᠭᠡᠳᠦ ᠬᠠᠭᠠᠰ ᠵᠢᠯ ᠳ᠋ᠦ ᠂ ᠰᠢᠨ᠎ᠡ ᠪᠡᠷ ᠬᠡᠯᠡᠯᠴᠡᠭᠡᠷ ᠳᠣᠬᠲᠠᠬᠰᠠᠨ ᠲᠥᠷᠥᠯ ᠵᠦᠢᠯ  25 ᠪᠠᠶᠢᠵᠤ ᠂ ᠬᠡᠯᠡᠯᠴᠡᠭᠡᠷ ᠲᠦ ᠲᠣᠬᠲᠠᠬᠰᠠᠨ ᠪᠡᠯᠡ ᠣᠷᠤᠭᠤᠯᠤᠯᠲᠠ ᠶ᠋ᠢᠨ ᠥᠷᠳᠡᠭ 109.65 ᠳ᠋ᠦᠩᠰᠢᠭᠤᠷ ᠲᠥᠭᠦᠷᠢᠭ ᠪᠠᠶᠢᠵᠤ ᠂ ᠣᠷᠣᠨ ᠪᠠᠶᠢᠷᠢ ᠳ᠋ᠠᠭᠠᠨ ᠬᠦᠷᠦᠭᠰᠡᠨ ᠪᠡᠯᠡ ᠮᠥᠩᠭᠥ  13.46 ᠳ᠋ᠦᠩᠰᠢᠭᠤᠷ ᠲᠥᠭᠦᠷᠢᠭ ᠪᠤᠢ ᠃                                        
                                                                ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ