ᠵᠡᠭᠦᠨ ᠪᠠᠷᠠᠭᠤᠨ ᠤᠷᠤᠨ ᠤ ᠬᠠᠮᠵᠢᠯᠴᠠᠭᠠᠨ ᠡᠷᠡᠭᠦᠯ ᠴᠢᠬᠢᠷᠠᠭ ᠢᠶᠠᠷ ᠶᠠᠳᠠᠭᠤ  ᠶᠢ ᠳᠡᠳᠭᠦᠬᠦ ᠠᠵᠢᠯ ᠢ ᠳᠦᠯᠬᠢᠨ ᠠᠬᠢᠭᠤᠯᠵᠤ ᠪᠠᠢᠨ᠎ᠠ

ᠣᠩᠰᠢᠭᠰᠠᠨ ᠤᠳᠠᠭ᠎ᠠ ᠄ 7103     ᠨᠡᠶᠢᠳᠡᠯᠡᠭᠰᠡᠨ ᠴᠠᠭ ᠄ 2018/9/1 9:01:05

      ᠤᠢᠢᠷ᠎ᠠ ᠳᠤ᠂ ᠪᠡᠭᠡᠵᠢᠩ ᠬᠤᠲᠠ ᠶᠢᠨ ᠲᠥᠩ ᠵᠧᠦ ᠲᠤᠭᠤᠷᠢᠭ ᠤᠨ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠦᠨ ᠵᠦᠪᠯᠡᠯ ᠦᠨ ᠬᠢᠨ᠂ ᠶᠥᠩ ᠯᠧ ᠳ᠋ᠢᠶᠠᠨ ᠭᠤᠤᠯ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠠᠵᠢᠯᠲᠠᠳ ᠢᠶᠠᠨ ᠵᠤᠬᠢᠶᠠᠨ ᠪᠠᠢᠭᠤᠯᠵᠤ᠂ ᠬᠠᠪᠰᠤᠷᠠᠨ ᠳᠡᠳᠭᠦᠵᠦ ᠪᠠᠢᠭ᠎ᠠ ᠨᠠᠢ᠌ᠮᠠᠨ ᠬᠤᠰᠢᠭᠤᠨ ᠤ ᠰᠢᠷᠠᠬᠤᠭᠤᠯᠠᠢ ᠭᠤᠤᠯ ᠡᠮᠨᠡᠯᠭᠡ ᠶᠢᠨ ᠬᠤᠷᠢᠶᠠᠨ ᠳᠤ ᠢᠷᠡᠵᠦ᠂ ᠡᠮ ᠡᠮᠨᠡᠯᠭᠡ ᠪᠡᠷ ᠬᠠᠪᠰᠤᠷᠠᠨ ᠳᠡᠳᠭᠦᠬᠦ  ᠬᠤᠶᠠᠳᠡᠬᠢ ᠤᠳᠠᠭᠠᠨ ᠤ ᠠᠵᠢᠯᠯᠠᠭ᠎ᠠ ᠪᠠᠨ ᠦᠷᠨᠢᠭᠦᠯᠪᠡ᠃ ᠲᠤᠰ ᠤᠳᠠᠭ᠎ᠠ ᠬᠠᠪᠰᠤᠷᠠᠨ ᠳᠡᠳᠭᠦᠬᠦ ᠲᠦᠯᠦᠪᠯᠡᠭᠡ ᠶᠤᠰᠤᠭᠠᠷ᠂ 2 ᠨᠡᠷᠡᠰ ᠡᠮ ᠡᠮᠨᠡᠯᠭᠡ ᠶᠢᠨ ᠠᠵᠢᠯᠲᠠᠨ ᠢ ᠰᠢᠯᠢᠨ ᠲᠤᠮᠢᠯᠠᠵᠤ᠂ ᠨᠢᠭᠡ ᠰᠠᠷ᠎ᠠ ᠶᠢᠨ ᠬᠤᠭᠤᠴᠠᠭ᠎ᠠ ᠪᠡᠷ ᠬᠠᠪᠰᠤᠷᠠᠨ ᠳᠡᠳᠭᠦᠬᠦ ᠠᠵᠢᠯᠯᠠᠭ᠎ᠠ ᠦᠷᠨᠢᠭᠦᠯᠵᠦ᠂ ᠭᠤᠤᠯᠳᠠᠭᠤ ᠰᠢᠷᠠᠬᠤᠭᠤᠯᠠᠢ ᠭᠤᠤᠯ ᠡᠮᠨᠡᠯᠭᠡ ᠶᠢᠨ ᠬᠤᠷᠢᠶᠠᠨ ᠤ ᠶᠡᠷᠦᠩᠬᠡᠢ ᠰᠠᠯᠠᠭᠠᠨ ᠤ ᠡᠮᠴᠢᠯᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ  ᠪᠠ ᠲᠡᠷᠢᠭᠦᠨ ᠦ ᠬᠠᠮᠢᠶᠠᠷᠬᠤ ᠲᠤᠷᠰᠢᠯᠭ᠎ᠠ ᠶᠢ ᠤᠯᠠᠮᠵᠢᠯᠠᠨ᠎ᠠ᠃ ᠳᠠᠷᠠᠭᠠᠴᠢ ᠪᠡᠷ ᠬᠡᠰᠡᠭ ᠪᠦᠯᠦᠭ ᠬᠤᠪᠢᠶᠠᠵᠤ᠂ ᠨᠠᠢ᠌ᠮᠠᠨ ᠬᠤᠰᠢᠭᠤᠨ ᠤ ᠡᠯ᠎ᠡ ᠰᠤᠮᠤ ᠪᠠᠯᠭᠠᠰᠤᠨ ᠤ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠠᠵᠢᠯᠲᠠᠳ ᠢ ᠪᠡᠭᠡᠵᠢᠩ ᠬᠤᠲᠠ ᠶᠢᠨ ᠲᠥᠩ ᠵᠧᠦ ᠲᠤᠭᠤᠷᠢᠭ ᠤᠨ ᠡᠮᠨᠡᠯᠭᠡ ᠶᠢᠨ ᠬᠤᠷᠢᠶᠠᠨ ᠳᠤ ᠰᠢᠯᠢᠨ ᠲᠤᠮᠢᠯᠠᠵᠤ ᠰᠤᠷᠤᠯᠴᠠᠭᠤᠯᠤᠨ᠎ᠠ ᠡᠢᠮᠦᠷᠬᠦ ᠠᠵᠢᠯᠯᠠᠭ᠎ᠠ ᠶᠢ 2020 ᠤᠨ ᠪᠤᠯᠲᠠᠯ᠎ᠠ ᠶᠠᠪᠤᠭᠳᠠᠭᠤᠯᠬᠤ ᠪᠡᠷ ᠲᠤᠭᠲᠠᠪᠠ᠃  ᠡᠨᠡ ᠬᠦ ᠠᠵᠢᠯᠯᠠᠭ᠎ᠠ ᠨᠢ ᠪᠠᠷᠠᠭᠤᠨ ᠤᠷᠤᠨ ᠤ ᠡᠮ ᠡᠮᠨᠡᠯᠭᠡ ᠶᠢᠨ ᠡᠯ᠎ᠡ ᠲᠠᠯ᠎ᠠ ᠶᠢᠨ  ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠡᠷᠡᠭᠦᠯ ᠴᠢᠬᠢᠷᠠᠭ ᠢᠶᠠᠷ ᠶᠠᠳᠠᠭᠤ ᠶᠢ ᠳᠡᠳᠭᠦᠬᠦ ᠠᠵᠢᠯ ᠢ ᠳᠦᠯᠬᠢᠨ ᠠᠬᠢᠭᠤᠯᠬᠤ ᠪᠤᠯᠤᠨ᠎ᠠ᠃

                                                      ᠪᠠᠶᠠᠨᠵᠢᠷᠭᠠᠯ ᠮᠡᠳᠡᠭᠡᠯᠡᠪᠡ
ᠢᠷᠡᠯᠳᠡ᠄ ᠨᠠᠶᠢᠷᠠᠭᠤᠯᠤᠭᠴᠢ᠄ ᠳᠤᠯᠠᠭᠠᠨ