2018 ︿ ︿ ᠲᠣᠷᠭᠠᠨ ᠵᠠᠮ ᠤᠨ ᠲᠡᠮᠡᠭᠡᠨ ᠵᠢᠩ ﹀ ﹀ ᠠᠩᠬᠠᠳᠤᠭᠠᠷ ᠬᠣᠭᠣᠴᠠᠭᠠᠨ ᠤ ᠳᠣᠮᠳᠠᠳᠤ ᠤᠯᠤᠰ ᠂ ᠨᠠᠢᠮᠠᠨ ᠤ ᠣᠯᠠᠨ ᠤᠯᠤᠰ ᠤᠨ ᠭᠡᠷᠡᠯ ᠵᠢᠷᠤᠭ ᠤᠨ ᠰᠣᠶᠣᠯ ᠤᠨ ᠨᠠᠶᠢᠷ ᠬᠥᠰᠢᠭᠡ ᠪᠡᠨ ᠨᠡᠭᠡᠭᠡᠵᠦ ᠠᠮᠵᠢᠯᠲᠠ ᠲᠠᠢ ᠶᠠᠪᠤᠬᠳᠠᠪᠠ

ᠣᠩᠰᠢᠭᠰᠠᠨ ᠤᠳᠠᠭ᠎ᠠ ᠄ 32789     ᠨᠡᠶᠢᠳᠡᠯᠡᠭᠰᠡᠨ ᠴᠠᠭ ᠄ 2018/9/4 10:24:46

2018 ︿ ︿ ᠲᠣᠷᠭᠠᠨ ᠵᠠᠮ ᠤᠨ ᠲᠡᠮᠡᠭᠡᠨ  ᠵᠢᠩ ﹀ ﹀ ᠠᠩᠬᠠᠳᠤᠭᠠᠷ ᠬᠣᠭᠣᠴᠠᠭᠠᠨ ᠤ ᠳᠣᠮᠳᠠᠳᠤ ᠤᠯᠤᠰ ᠂ ᠨᠠᠢᠮᠠᠨ ᠤ ᠣᠯᠠᠨ ᠤᠯᠤᠰ ᠤᠨ ᠭᠡᠷᠡᠯ ᠵᠢᠷᠤᠭ ᠤᠨ ᠰᠣᠶᠣᠯ ᠤᠨ ᠨᠠᠶᠢᠷ ﹀ ﹀ 8 ᠰᠠᠷ᠎ᠠ ᠶ᠋ᠢᠨ 29 ᠡᠴᠡ 9 ᠰᠠᠷ᠎ᠠ ᠶ᠋ᠢᠨ 4 ᠪᠣᠯᠲᠠᠯ᠎ᠠ ᠨᠠᠢᠮᠠᠨ ᠬᠤᠰᠢᠭᠤᠨ ᠳ᠋ᠤ ᠬᠥᠰᠢᠭᠡ ᠪᠡᠨ ᠨᠡᠭᠡᠭᠡᠵᠦ ᠠᠮᠵᠢᠯᠲᠠ ᠲᠠᠢ ᠶᠠᠪᠤᠬᠳᠠᠪᠠ ᠃
    ᠲᠣᠰ ᠤᠳᠠᠭᠠᠨ ᠤ ᠠᠵᠢᠯᠯᠠᠭ᠎ᠠ  ᠨᠢ ︿ ︿ ᠨᠢᠭᠡ ᠪᠦᠰᠡ ᠨᠢᠭᠡ ᠵᠠᠮ ﹀ ﹀ ᠶ᠋ᠢᠨ ᠰᠠᠨᠠᠭᠠᠴᠢᠯᠠᠭ᠎ᠠ ᠶ᠋ᠢ ᠢᠳᠡᠪᠬᠢᠲᠡᠢ ᠤᠬᠠᠭᠤᠯᠭ᠎ᠠ ᠬᠢᠬᠦ ᠂ ᠴᠣᠤᠷᠢᠶᠠᠳᠤᠨ ᠳᠠᠭᠠᠬᠤ ᠂ ᠳᠥᠯᠬᠢᠨ ᠠᠬᠢᠭᠤᠯᠵᠤ ᠂ ︿ ︿ ᠨᠢᠭᠡ ᠪᠦᠰᠡ ᠨᠢᠭᠡ ᠵᠠᠮ ﹀ ﹀ ᠤᠨ ᠳᠠᠭᠠᠤ ᠤᠯᠤᠰ  ᠤᠳ  ᠢᠶᠠᠷ ᠭᠣᠤᠯ ᠪᠣᠯᠭᠠᠨ ᠣᠯᠠᠨ ᠤᠯᠤᠰ ᠤᠨ ᠰᠣᠶᠣᠯ ᠤᠨ ᠰᠣᠯᠢᠯᠴᠠᠭ᠎ᠠ ᠪᠠ ᠬᠠᠮᠳᠤᠷᠠᠯᠴᠠᠭ᠎ᠠ ᠶ᠋ᠢ ᠴᠢᠨᠠᠬᠰᠢᠲᠠ ᠴᠢᠩᠭᠠᠣᠨᠬᠠᠬᠤ ᠵᠣᠷᠢᠯᠭ᠎ᠠ ᠪᠠᠷ ᠂ ᠨᠠᠢᠮᠠᠨ ᠬᠤᠰᠢᠭᠤᠨ ᠤ ᠲᠣᠷᠭᠠᠨ ᠤ ᠵᠠᠮ ᠤᠨ ᠳᠠᠭᠠᠤ ᠠᠵᠤ ᠠᠬᠤᠢ ᠶ᠋ᠢᠨ ᠪᠦᠰᠡ ᠶ᠋ᠢᠨ ᠣᠷᠣᠨ ᠨᠤᠲᠤᠭ ᠤᠨ ᠳᠠᠪᠠᠭᠤᠯᠢᠭ ᠪᠣᠯᠣᠨ ᠵᠣᠭᠠᠴᠠᠯ ᠤᠨ ᠡᠬᠢ ᠪᠠᠶᠠᠯᠢᠭ ᠤᠨ ᠳᠠᠪᠠᠭᠤᠯᠢᠭ ᠢᠶᠡᠨ ᠭᠦᠢᠴᠡᠳ ᠪᠠᠳᠠᠷᠠᠭᠤᠯᠤᠨ ᠠᠰᠢᠬᠯᠠᠵᠤ ᠂ ᠤᠶᠢᠯᠠᠭᠠᠯᠲᠠ ᠪᠠᠨ ᠭᠦᠨᠵᠡᠭᠡᠶᠢᠷᠡᠭᠦᠯᠦᠨ ᠬᠠᠷᠢᠯᠴᠢᠨ ᠠᠰᠢᠭ ᠬᠦᠷᠲᠡᠬᠦ ᠶ᠋ᠢ ᠪᠡᠶᠡᠯᠡᠭᠦᠯᠬᠦ ᠪᠣᠯᠤᠨ᠎ᠠ ᠃
    ᠲᠣᠰ ᠤᠳᠠᠭᠠᠨ ᠤ ᠣᠯᠠᠨ ᠤᠯᠤᠰ ᠤᠨ ᠭᠡᠷᠡᠯ ᠵᠢᠷᠤᠭ ᠤᠨ ᠨᠠᠶᠢᠷ ᠨᠢ ᠳᠡᠯᠡᠬᠡᠢ ᠶ᠋ᠢᠨ ᠳᠥᠷᠪᠡᠨ ᠶᠡᠬᠡ ᠡᠷᠬᠡ ᠰᠥᠷᠳᠦ ᠭᠡᠷᠡᠯ ᠵᠢᠷᠤᠭ ᠤᠨ ᠪᠠᠶᠢᠭᠤᠯᠤᠮᠵᠢ ᠪᠣᠯᠣᠨ ᠲᠠᠪᠤᠨ ᠶᠡᠬᠡ ᠲᠢᠪ ᠦᠨ 20 ᠭᠠᠷᠤᠢ ᠭᠡᠷᠡᠯ ᠵᠢᠷᠤᠭ ᠤᠨ ᠪᠠᠶᠢᠭᠤᠯᠤᠮᠵᠢ ᠶ᠋ᠢᠨ ᠶᠡᠬᠡ ᠬᠥᠴᠦᠨ ᠦ ᠳᠡᠮᠵᠢᠯᠭᠡ ᠶ᠋ᠢ ᠣᠯᠵᠤ ᠂ ᠠᠷᠠᠳ ᠤᠨ ᠡᠳᠥᠷ ᠦᠨ ᠰᠣᠨᠢᠨ ᠂ ᠰᠢᠨᠬᠤᠸᠠ ᠬᠣᠷᠢᠶ᠎ᠠ ᠂ ᠲᠥᠪ  ᠷᠠᠳᠢᠤ᠋ ᠲᠥᠪ ᠲᠸᠯᠸᠢᠰ  ᠵᠡᠷᠭᠡ ᠤᠯᠤᠰ ᠤᠨ ᠳᠣᠳᠤᠭᠠᠳᠤ ᠶ᠋ᠢᠨ 40 ᠭᠠᠷᠤᠢ ᠰᠣᠨᠢᠨ ᠮᠡᠳᠡᠭᠡᠨ ᠦ ᠵᠠᠭᠤᠴᠢᠯᠠᠭᠤᠷ ᠤᠨ ᠠᠩᠬᠠᠷᠤᠯ ᠪᠣᠯᠣᠨ ᠳᠡᠮᠵᠢᠯᠭᠡ ᠶ᠋ᠢ ᠣᠯᠵᠠᠢ ᠃
    ᠲᠣᠰ ᠤᠳᠠᠭᠠᠨ ᠤ ᠣᠯᠠᠨ ᠤᠯᠤᠰ ᠤᠨ ᠭᠡᠷᠡᠯ ᠵᠢᠷᠤᠭ ᠤᠨ ᠨᠠᠶᠢᠷ ᠨᠢ 12 ᠭᠣᠤᠯ ᠰᠡᠳᠦᠪᠳᠦ ᠭᠡᠷᠡᠯ ᠵᠢᠷᠤᠭ ᠤᠨ ᠦᠵᠡᠰᠭᠦᠯᠡᠩ ᠂ ᠪᠣᠬᠳᠤ ᠶ᠋ᠢᠨ ᠡᠯᠡᠰᠦᠨ ᠴᠦᠯ ᠦᠨ ᠵᠣᠭᠠᠴᠠᠯ ᠤᠨ ᠣᠷᠣᠨ ᠤ 56 ᠦᠨᠳᠦᠰᠦᠲᠡᠨ ᠦ ᠬᠣᠷᠢᠮ ᠤᠨ ᠶᠣᠰᠤᠯᠠᠯ ᠵᠡᠷᠭᠡ ᠬᠡᠳᠦᠨ ᠭᠣᠤᠯ ᠬᠡᠰᠡᠭ ᠢᠶ᠋ᠡᠷ ᠪᠦᠷᠢᠯᠳᠦᠨ ᠶᠠᠪᠤᠬᠳᠠᠪᠠ ᠃      ᠲᠣᠰ ᠤᠳᠠᠭᠠᠨ ᠤ ᠭᠡᠷᠡᠯ ᠵᠢᠷᠤᠭ ᠤᠨ ᠦᠵᠡᠰᠭᠦᠯᠡᠩ ᠨᠢ ᠲᠥᠷᠢᠮ ᠬᠡᠮᠵᠢᠶ᠎ᠡ ᠬᠠᠮᠤᠭ ᠥᠨᠳᠥᠷ ᠂ ᠬᠦᠷᠢᠶ᠎ᠡ ᠬᠡᠪᠴᠢᠶ᠎ᠡ ᠬᠠᠮᠤᠭ ᠶᠡᠬᠡ ᠂ ᠦᠵᠡᠭᠦᠯᠦᠯᠭᠡ ᠳ᠋ᠦ ᠣᠷᠤᠯᠴᠠᠬᠰᠠᠨ ᠪᠦᠳᠦᠭᠡᠯ ᠬᠠᠮᠤᠭ ᠠᠷᠪᠢᠨ ᠪᠠᠶᠢᠵᠤ ᠠᠮᠸᠷᠢᠺᠠ ᠂ ᠠᠩᠭᠯᠢ ᠂ ᠶᠸᠵᠢᠫᠲ ᠂ ᠭᠷᠸᠭ ᠵᠡᠷᠭᠡ 52 ᠤᠯᠤᠰ ᠡᠴᠠ ᠢᠷᠡᠭᠰᠡᠨ 1384 ᠭᠡᠷᠡᠯ ᠵᠢᠷᠤᠬᠴᠢᠨ ᠤ 2 ᠲᠦᠮᠡ ᠭᠠᠷᠤᠢ ᠬᠤᠪᠢ ᠭᠡᠷᠡᠯ ᠵᠢᠷᠤᠭ ᠤᠨ ᠪᠦᠳᠦᠭᠡᠯ ᠢ ᠬᠤᠷᠢᠶᠠᠮᠵᠢᠯᠠᠵᠤ ᠦᠵᠡᠰᠭᠦᠯᠡᠩ ᠳ᠋ᠦ 3017 ᠬᠤᠪᠢ ᠪᠦᠳᠦᠭᠡᠯ ᠢ ᠳᠡᠯᠭᠡᠨ ᠦᠵᠡᠭᠦᠯᠵᠡᠢ ᠃                

                                                       ( ᠪᠤᠶᠠᠨᠴᠤᠬᠯᠠ )

ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ