ᠨᠠᠢᠮᠠᠨ ᠬᠤᠰᠢᠭᠤ ᠶᠠᠳᠠᠭᠤ ᠬᠦᠴᠢᠷᠳᠡᠯᠲᠡᠢ ᠡᠷᠦᠭᠡ ᠶ᠋ᠢ 6252 ᠲᠦᠮᠡᠨ ᠲᠥᠭᠦᠷᠢᠭ ᠢᠶ᠋ᠡᠷ ᠳᠡᠮᠵᠢᠵᠦ ᠣᠨᠴᠠᠯᠢᠬᠳᠣ ᠠᠵᠤ ᠤᠶᠢᠯᠡᠰ ᠢ ᠬᠥᠭᠵᠢᠭᠦᠯᠵᠦ ᠪᠤᠢ

ᠣᠩᠰᠢᠭᠰᠠᠨ ᠤᠳᠠᠭ᠎ᠠ ᠄ 8630     ᠨᠡᠶᠢᠳᠡᠯᠡᠭᠰᠡᠨ ᠴᠠᠭ ᠄ 2018/9/5 8:26:21


ᠨᠠᠢᠮᠠᠨ ᠬᠤᠰᠢᠭᠤ ᠶᠠᠳᠠᠭᠤ ᠡᠴᠠ ᠠᠩᠭᠢᠵᠢᠷᠠᠭᠤᠯᠬᠤ ᠰᠢᠪᠳᠤᠯᠤᠯᠲᠠ ᠳᠣᠮᠳᠠ ᠂ ᠠᠵᠤ ᠤᠶᠢᠯᠡᠰ ᠢ ᠬᠥᠭᠵᠢᠭᠦᠯᠦᠨ ᠣᠷᠤᠯᠭ᠎ᠠ ᠪᠠᠨ ᠨᠡᠮᠡᠭᠳᠡᠭᠦᠯᠦᠨ ᠶᠠᠳᠠᠭᠤ ᠡᠴᠠ ᠠᠩᠭᠢᠵᠢᠷᠠᠬᠤ ᠶ᠋ᠢ ᠭᠣᠤᠯᠳᠠᠯᠭ᠎ᠠ ᠪᠣᠯᠭᠠᠨ ᠠᠣᠨᠬᠤᠵᠤ ᠂ ︿ ︿ ᠣᠨᠤᠪᠴᠢᠲᠠᠢ ᠪᠠᠷ ᠵᠠᠯᠭᠠᠯᠳᠤᠭᠤᠯᠬᠤ ᠂ ᠡᠬᠢ ᠪᠠᠶᠠᠯᠢᠭ ᠢ ᠨᠢᠭᠡᠳᠦᠯᠲᠡᠢ ᠲᠥᠯᠦᠪᠵᠢᠭᠦᠯᠬᠦ ᠂ ᠣᠯᠠᠨ ᠵᠦᠢᠯ ᠦᠨ ᠠᠷᠭ᠎ᠠ ᠮᠠᠶᠢᠭ ᠠᠪᠬᠤ ﹀ ﹀ ᠵᠡᠷᠭᠡ ᠠᠷᠭ᠎ᠠ ᠬᠡᠯᠪᠡᠷᠢ ᠶ᠋ᠢ ᠬᠡᠷᠡᠭᠵᠢᠭᠦᠯᠦᠨ ᠣᠨᠴᠠᠯᠢᠭᠲᠤ ᠠᠵᠤ ᠤᠶᠢᠯᠡᠰ ᠢᠶᠠᠷ ᠶᠠᠳᠠᠭᠤ ᠶ᠋ᠢ ᠳᠡᠦᠨᠬᠦᠬᠦ ᠶ᠋ᠢ ᠪᠦᠬᠦ ᠲᠠᠯ᠎ᠠ ᠪᠠᠷ ᠪᠦᠷᠬᠦᠭᠦᠯᠬᠦ ᠶ᠋ᠢ ᠪᠡᠶᠡᠯᠡᠭᠦᠯᠵᠦ ᠪᠤᠢ ᠃ ᠡᠨᠡ ᠵᠢᠯ ᠂ ᠨᠠᠢᠮᠠᠨ ᠬᠤᠰᠢᠭᠤ ᠠᠵᠤ ᠤᠶᠢᠯᠡᠰ ᠢᠶᠠᠷ ᠶᠠᠳᠠᠭᠤ ᠶ᠋ᠢ ᠳᠡᠦᠨᠬᠦᠬᠦ ᠪᠡᠯᠠ ᠮᠥᠩᠭᠥ ᠶ᠋ᠢ 6252 ᠲᠦᠮᠡᠨ ᠲᠥᠭᠦᠷᠢᠭ ᠣᠷᠤᠭᠤᠯᠵᠤ ᠂ ᠶᠠᠳᠠᠭᠤ ᠬᠦᠴᠢᠷᠲᠡᠢ 4210 ᠡᠷᠦᠭᠡ 11889 ᠬᠦᠮᠦᠨ ᠢ ᠳᠠᠶᠢᠴᠢᠯᠠᠨ ᠣᠨᠴᠠᠯᠢᠬᠳᠣ ᠠᠵᠤ ᠤᠶᠢᠯᠡᠰ ᠢ ᠬᠥᠭᠵᠢᠭᠦᠯᠵᠦ ᠪᠤᠢ ᠃
ᠨᠠᠢᠮᠠᠨ ᠬᠤᠰᠢᠭᠤ ᠥᠨᠳᠦᠷ ᠦᠷ᠎ᠡ ᠠᠰᠢᠬᠳᠣ ᠣᠨᠴᠠᠯᠢᠬᠳᠣ ᠠᠵᠤ ᠤᠶᠢᠯᠡᠰ ᠢ ᠬᠥᠭᠵᠢᠭᠦᠯᠬᠦ ᠶ᠋ᠢ ᠶᠡᠬᠡ ᠬᠦᠴᠦᠨ ᠢᠶ᠋ᠡᠷ ᠳᠡᠮᠵᠢᠵᠦ ᠂ ᠶᠠᠳᠠᠭᠤ ᠡᠷᠦᠭᠡ ᠶ᠋ᠢ ᠵᠢᠯᠤᠭᠤᠳᠤᠨ ᠳᠠᠶᠢᠴᠢᠯᠠᠵᠤ ᠠᠵᠤ ᠤᠶᠢᠯᠡᠰ ᠡᠵᠡᠩᠨᠡᠭᠦᠯᠦᠨ ᠶᠠᠳᠠᠭᠤ ᠡᠴᠠ ᠠᠩᠭᠢᠵᠢᠷᠠᠨ ᠴᠢᠨᠡᠭᠡᠯᠢᠭᠵᠢᠬᠦ ᠶ᠋ᠢ ᠪᠡᠶᠡᠯᠡᠭᠦᠯᠵᠦ ᠪᠤᠢ ᠃ ᠵᠢᠱᠢᠶᠡᠯᠡᠪᠡᠯ ᠴᠢᠩ ᠯᠦᠩ ᠱᠠᠨ ᠤ ᠰᠢᠬᠢᠷᠯᠢᠭ ᠲᠥᠮᠦᠰᠦ ᠶ᠋ᠢᠨ ᠠᠵᠤ ᠤᠶᠢᠯᠡᠰ ᠂ ᠲᠦᠴᠸᠩᠽᠢ ᠰᠢᠶᠠᠩ ᠤᠨ ᠲᠣᠮᠣ ᠬᠠᠪᠲᠠᠭᠠᠢ ᠭᠦᠢᠯᠡᠰᠦᠨ ᠦ ᠠᠵᠤ ᠤᠶᠢᠯᠡᠰ ᠵᠡᠷᠭᠡ ᠃ ᠵᠣᠭᠠᠴᠠᠯ ᠢᠶᠠᠷ ᠶᠠᠳᠠᠭᠤ ᠶ᠋ᠢ ᠳᠡᠦᠨᠬᠦᠬᠦ ᠠᠵᠤ ᠤᠶᠢᠯᠡᠰ ᠢ ᠢᠳᠡᠪᠬᠢᠲᠡᠢ ᠬᠥᠭᠵᠢᠭᠦᠯᠦᠨ ᠵᠣᠭᠠᠴᠠᠯ ᠤᠨ ᠭᠣᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠨ ᠵᠣᠭᠠᠴᠠᠯ ᠤᠨ ᠵᠢᠵᠢᠭ ᠪᠠᠯᠭᠠᠰᠤ ᠂ ᠭᠣᠤᠯᠳᠠᠯᠭᠠᠳᠤ ᠵᠣᠭᠠᠴᠠᠯ ᠤᠨ ᠲᠣᠰᠬᠤᠨ ᠪᠠ ᠪᠠᠶᠠᠷ ᠨᠠᠶᠢᠷ ᠤᠨ ᠠᠵᠢᠯᠯᠠᠭᠠᠨ ᠵᠡᠷᠭᠡ ᠶ᠋ᠢ ᠠᠬᠢᠭᠤᠯᠵᠤ ᠂ ᠵᠣᠭᠠᠴᠠᠯ ᠤᠨ ᠠᠵᠤ ᠤᠶᠢᠯᠡᠰ ᠢᠶᠠᠷ ᠶᠠᠳᠠᠭᠤ ᠡᠷᠦᠭᠡ ᠶ᠋ᠢᠨ ᠣᠷᠤᠯᠭ᠎ᠠ ᠶ᠋ᠢᠨ ᠨᠡᠮᠡᠭᠳᠡᠯ ᠢ ᠪᠠᠳᠤᠯᠠᠵᠤ ᠪᠤᠢ ᠃ ᠵᠢᠱᠢᠶᠠᠯᠡᠪᠡᠯ ᠪᠣᠬᠳᠤ ᠶ᠋ᠢᠨ ᠡᠯᠡᠰᠦᠨ ᠴᠦᠯ ᠦᠨ ᠵᠣᠭᠠᠴᠠᠯ ᠤᠨ ᠠᠵᠤ ᠤᠶᠢᠯᠡᠰ ᠂ ᠮᠸᠩ ᠵᠢᠶᠡ ᠳ᠋ᠤᠸᠠᠨ ᠤ ᠨᠤᠭᠤ ᠭᠠᠵᠠᠷ ᠤᠨ ᠵᠣᠭᠠᠴᠠᠯ ᠤᠨ ᠠᠵᠤ ᠤᠶᠢᠯᠡᠰ ᠵᠡᠷᠭᠡ ᠃ ᠣᠨᠤᠪᠴᠢᠲᠠᠢ ᠪᠠᠷ ᠶᠠᠳᠠᠭᠤ ᠶ᠋ᠢ ᠳᠡᠦᠨᠬᠦᠬᠦ  ᠡᠷᠦᠭᠡ ᠪᠣᠯᠣᠨ ᠳᠠᠭᠠᠭᠤᠯᠤᠬᠴᠢ ᠠᠵᠤ ᠠᠬᠤᠶᠢᠯᠠᠯ ᠤᠨ ᠠᠰᠢᠭ ᠣᠯᠵᠠ ᠶ᠋ᠢ ᠬᠣᠯᠪᠤᠬᠤ ᠳᠣᠬᠲᠠᠴᠠ ᠶ᠋ᠢ ᠪᠠᠶᠢᠭᠤᠯᠵᠤ ᠂ ᠠᠵᠤ ᠤᠶᠢᠯᠡᠰ ᠢᠶᠠᠷ ᠶᠠᠳᠠᠭᠤ ᠶ᠋ᠢ ᠳᠡᠦᠨᠬᠦᠬᠦ ᠪᠠ ᠲᠥᠷᠥᠯ ᠵᠦᠢᠯ ᠦᠨ ᠳᠠᠶᠢᠴᠢᠯᠠᠯ ᠢᠶᠠᠷ ᠳᠠᠮᠵᠢᠨ ᠂ ᠡᠷᠦᠭᠡ ᠪᠦᠬᠦᠨ ᠨᠢᠭᠡ ᠵᠦᠢᠯ ᠦᠨ ᠠᠵᠤ ᠤᠶᠢᠯᠡᠰ ᠲᠠᠢ ᠪᠠᠶᠢᠬᠤ ᠶ᠋ᠢ ᠪᠡᠶᠡᠯᠡᠭᠦᠯᠵᠦ ᠪᠤᠢ ᠃ ᠵᠢᠱᠢᠶᠡᠯᠡᠪᠡᠯ ᠪᠠᠶᠠᠨᠲᠠᠯ᠎ᠠ ᠰᠤᠮᠤ ᠶ᠋ᠢᠨ ᠮᠸᠩ ᠳ᠋ᠦᠩ ᠠᠵᠢᠷᠭᠠᠨ  ᠡᠯᠵᠢᠭᠡᠨ ᠦ ᠡᠭᠦᠯᠳᠡᠷ ᠰᠠᠶᠢᠵᠢᠷᠠᠭᠤᠯᠤᠨ ᠦᠷᠡᠵᠢᠭᠦᠯᠬᠦ ᠲᠥᠷᠥᠯ ᠵᠦᠢᠯ ᠨᠢ ᠲᠣᠬᠠᠢ ᠶ᠋ᠢᠨ ᠭᠠᠵᠠᠷ ᠤᠨ 240 ᠶᠠᠳᠠᠭᠤ ᠡᠷᠦᠭᠡ ᠶ᠋ᠢ ᠪᠦᠬᠦᠨ ᠢ ᠠᠵᠤ ᠠᠬᠤᠶᠢᠯᠠᠯ ᠤᠨ ᠬᠠᠪᠰᠤᠷᠤᠨ ᠳᠡᠮᠵᠢᠬᠦ ᠬᠡᠪᠴᠢᠶᠡᠨ ᠳ᠋ᠦ ᠣᠷᠤᠭᠤᠯᠵᠤ ᠂ ᠨᠠᠶᠢᠳᠠᠨ ᠬᠠᠮᠢᠶᠠᠷᠤᠭᠤᠯᠬᠤ ᠬᠡᠯᠪᠡᠷᠢ ᠪᠡᠷ ᠳᠠᠮᠵᠢᠨ ᠶᠠᠳᠠᠭᠤ ᠡᠷᠦᠭᠡ ᠵᠢᠯ ᠪᠦᠷᠢ ᠵᠣᠬᠢᠬᠤ ᠬᠡᠮᠵᠢᠶᠡᠨ ᠦ ᠠᠰᠢᠭ ᠬᠣᠪᠢᠶᠠᠷᠢᠯᠠᠨ ᠣᠯᠵᠤ ᠪᠤᠢ ᠃
                                           ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ