ᠨᠠᠢ᠌ᠮᠠᠨ ᠬᠤᠰᠢᠭᠤ ᠪᠦᠬᠦ ᠠᠷᠠᠳ ᠤᠨ ᠡᠷᠡᠭᠦᠯ ᠴᠢᠬᠢᠷᠠᠭ ᠤᠨ ᠤᠬᠠᠭᠤᠯᠭ᠎ᠠ ᠶᠢ ᠦᠷᠨᠢᠭᠦᠯᠵᠦ ᠪᠤᠢ

ᠣᠩᠰᠢᠭᠰᠠᠨ ᠤᠳᠠᠭ᠎ᠠ ᠄ 6371     ᠨᠡᠶᠢᠳᠡᠯᠡᠭᠰᠡᠨ ᠴᠠᠭ ᠄ 2018/9/2 9:03:16

9 ᠰᠠᠷ᠎ᠠ ᠶᠢᠨ 1 ᠪᠤᠯ᠂ ᠮᠠᠨ ᠤ ᠤᠯᠤᠰ ᠤᠨ 12 ᠳ᠋ᠤᠭᠠᠷ᠌᠌᠌ 《 ᠪᠦᠬᠦ ᠠᠷᠠᠳ ᠤᠨ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ  ᠬᠡᠯᠪᠡᠷᠢ ᠶᠢᠨ ᠠᠵᠢᠯᠯᠠᠭ᠎ᠠ ᠶᠢᠨ ᠡᠳᠤᠷ ᠪᠤᠯᠤᠨ᠎ᠠ᠂ ᠡᠨᠡ ᠬᠦ ᠡᠳᠦᠷ ᠢ ᠳᠤᠬᠢᠶᠠᠯᠳᠠᠭᠤᠯᠤᠨ᠂ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢᠨ ᠮᠡᠳᠡᠯᠭᠡ ᠴᠢᠳᠠᠪᠬᠢ ᠶᠢ ᠳᠠᠮᠵᠢᠭᠤᠯᠤᠨ᠂ ᠡᠷᠡᠭᠦᠯ ᠴᠢᠬᠢᠷᠠᠭ ᠠᠮᠢᠳᠤᠷᠠᠯ ᠤᠨ ᠠᠷᠭ᠎ᠠ ᠬᠡᠯᠪᠡᠷᠢ ᠶᠢᠨ ᠠᠭᠤᠷ ᠠᠮᠢᠰᠬᠤᠯ ᠢ  ᠪᠤᠢ ᠪᠤᠯᠭᠠᠬᠤ ᠶᠢᠨ ᠲᠦᠯᠦᠭᠡ ᠂ ᠨᠠᠢ᠌ᠮᠠᠨ ᠬᠤᠰᠢᠭᠤᠨ ᠤ ᠡᠷᠡᠭᠦᠯ ᠬᠠᠮᠠᠭᠠᠯᠠᠯ ᠪᠤᠯᠤᠨ ᠲᠦᠯᠦᠪᠯᠡᠭᠷᠲᠦ ᠦᠷᠡᠵᠢᠯ ᠦᠨ ᠰᠠᠯᠠᠭ᠎ᠠ ᠮᠦᠴᠢᠷ ᠦᠨ ᠬᠢᠨ᠂ ᠬᠤᠯᠪᠤᠭᠳᠠᠯ ᠪᠦᠬᠦᠢ ᠡᠮ ᠡᠮᠨᠡᠯᠭᠡ ᠶᠢᠨ ᠠᠵᠢᠯᠲᠠᠳ ᠢᠶᠠᠨ  ᠵᠤᠬᠢᠶᠠᠨ ᠪᠠᠢᠭᠤᠯᠤᠨ᠂ ᠠᠷᠠᠳ ᠤᠨ ᠲᠠᠯᠠᠪᠠᠢ ᠳᠤ᠂ 《 ᠳᠠᠪᠤᠰᠤ᠂ ᠲᠤᠰᠤ᠂ ᠰᠢᠬᠢᠷ ᠢ ᠪᠠᠭᠠᠰᠬᠠᠵᠤ᠂  ᠪᠡᠶ᠎ᠡ ᠶᠢᠨ ᠬᠦᠨᠳᠤ᠂ ᠠᠮᠠᠨ ᠬᠦᠨᠳᠡᠢ᠂ ᠠᠷᠠᠭ ᠶᠠᠰᠤ ᠡᠷᠡᠭᠦᠯ ᠴᠢᠬᠢᠷᠠᠭ ᠪᠠᠢᠬᠤ》 ᠪᠡᠷ ᠰᠡᠳᠦᠪᠯᠡᠭᠰᠡᠨ ᠰᠤᠷᠳᠠᠯᠠᠵᠤ ᠤᠬᠠᠭᠤᠯᠬᠤ ᠪᠠ ᠠᠯᠪᠠᠨ ᠵᠢᠷᠤᠮ ᠤᠨ ᠡᠮᠴᠢᠯᠡᠭᠡ ᠶᠢᠨ ᠬᠦᠳᠡᠯᠭᠡᠭᠡᠨ ᠢ ᠦᠷᠨᠢᠭᠦᠯᠪᠡ᠃ ᠬᠦᠳᠡᠯᠭᠡᠭᠡᠨ ᠦ ᠬᠤᠭᠤᠴᠠᠭᠠᠨ ᠳᠤ᠂ ᠤᠷᠢᠶ᠎ᠠ ᠯᠤᠽᠥᠩ ᠡᠯᠭᠦᠬᠦ᠂ ᠤᠬᠠᠭᠤᠯᠬᠤ ᠬᠠᠪᠲᠠᠰᠤ ᠪᠡᠷ ᠳᠡᠯᠭᠡᠨ ᠦᠵᠡᠭᠦᠯᠬᠦ᠂ ᠠᠰᠠᠭᠤᠨ ᠯᠠᠪᠯᠠᠯᠲᠠ ᠬᠢᠬᠦ᠂ ᠡᠷᠡᠭᠦᠯ ᠴᠢᠬᠢᠷᠠᠭ ᠤᠨ ᠪᠡᠶ᠎ᠡ ᠶᠢᠨ ᠪᠠᠢᠴᠠᠭᠠᠯᠲᠠ ᠬᠢᠬᠦ᠂ ᠤᠬᠠᠭᠤᠯᠬᠤ ᠬᠠᠭᠤᠳᠠᠰᠤ ᠲᠠᠷᠬᠠᠭᠠᠬᠤ ᠬᠡᠯᠪᠡᠷᠢ ᠪᠡᠷ ᠴᠢᠰᠤᠨ ᠳᠠᠷᠤᠯᠲᠠ ᠦᠨᠳᠦᠷ᠂ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠢᠯᠡᠬᠦ ᠮᠡᠳᠡᠯᠭᠡ ᠪᠠ ᠡᠳᠦᠷ ᠳᠤᠲᠤᠮ ᠤᠨ ᠠᠮᠢᠳᠤᠷᠠᠯ ᠳᠤᠮᠳᠠ ᠢᠳᠡᠰᠢ ᠤᠤᠭᠤᠰᠢ ᠪᠠᠨ ᠬᠡᠷᠬᠢᠨ ᠲᠤᠬᠢᠷᠠᠭᠤᠯᠬᠤ ᠲᠤᠬᠠᠢ ᠰᠤᠷᠲᠠᠯᠠᠵᠤ ᠤᠬᠠᠭᠤᠯᠤᠨ᠂ ᠦᠷᠭᠡᠨ ᠤᠯᠠᠨ ᠲᠦᠮᠡᠨ ᠦ ᠡᠷᠡᠭᠦᠯ ᠴᠢᠬᠢᠷᠠᠭ ᠠᠮᠢᠳᠤᠷᠠᠯ ᠤᠨ ᠵᠠᠩ ᠳᠠᠳᠬᠠᠯ ᠢ ᠪᠤᠢ ᠪᠤᠯᠭᠠᠬᠤ ᠳᠤ ᠠᠬᠢᠭᠤᠯᠬᠤ ᠦᠢᠯᠡᠳᠦᠯ

ᠦᠵᠡᠭᠦᠯᠦᠭᠰᠡᠨ  ᠪᠠᠶᠢᠨ᠎ᠠ ᠃                                                  


                                                         ᠪᠠᠶᠠᠨᠵᠢᠷᠭᠠᠯ ᠮᠡᠳᠡᠭᠡᠯᠡᠪᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ