2018 ᠣᠯᠠᠨ ᠤᠯᠤᠰ ᠤᠨ ᠡᠯᠡᠰᠦᠨ ᠴᠦᠯ ᠦᠨ ᠠᠪᠠᠬᠠᠢ ᠶ᠋ᠢᠨ ᠰᠢᠯᠭᠠᠷᠠᠭᠤᠯᠤᠯᠲᠠ ᠨᠠᠢᠮᠠᠨ ᠬᠤᠰᠢᠭᠤᠨ ᠳ᠋ᠤ ᠬᠥᠰᠢᠭᠡ ᠪᠡᠨ ᠨᠡᠭᠡᠭᠡᠪᠡ

ᠣᠩᠰᠢᠭᠰᠠᠨ ᠤᠳᠠᠭ᠎ᠠ ᠄ 69     ᠨᠡᠶᠢᠳᠡᠯᠡᠭᠰᠡᠨ ᠴᠠᠭ ᠄ 2018/9/5 9:07:38

9ᠰᠠᠷ᠎ᠠ ᠶ᠋ᠢᠨ 3 ᠦ ᠡᠳᠥᠷ ᠂ 2018 ᠣᠯᠠᠨ ᠤᠯᠤᠰ ᠤᠨ ᠡᠯᠡᠰᠦᠨ ᠴᠦᠯ ᠦᠨ ᠠᠪᠠᠬᠠᠢ ᠶ᠋ᠢᠨ ᠪᠦᠬᠦ ᠪᠥᠮᠪᠦᠷᠴᠡᠭ ᠦᠨ ᠶᠡᠷᠦᠩᠬᠡᠢ ᠰᠢᠢᠦᠨᠪᠦᠷᠢᠳᠦ ᠤᠷᠤᠯᠳᠤᠭᠠᠨ ᠨᠠᠢᠮᠠᠨ ᠬᠤᠰᠢᠭᠤᠨ ᠳ᠋ᠤ ᠬᠥᠰᠢᠭᠡ ᠪᠡᠨ ᠨᠡᠭᠡᠭᠡᠪᠡ ᠃ ᠲᠣᠰ ᠤᠳᠠᠭᠠᠨ ᠤ ᠣᠯᠠᠨ ᠤᠯᠤᠰ ᠤᠨ ᠠᠪᠠᠬᠠᠢ ᠶ᠋ᠢᠨ ᠰᠢᠯᠭᠠᠷᠠᠭᠤᠯᠤᠯᠲᠠ ᠶ᠋ᠢᠨ ᠤᠷᠤᠯᠳᠤᠭᠠᠨ ᠢ ᠳᠣᠮᠳᠠᠳᠤ ᠤᠯᠤᠰ ᠠᠩᠬᠠᠳᠠᠬᠴᠢ ᠤᠳᠠᠭ᠎ᠠ ᠰᠠᠨᠠᠭᠠᠴᠢᠯᠠᠨ ᠶᠠᠪᠤᠬᠳᠠᠭᠤᠯᠵᠤ ᠪᠤᠢ ᠃ ᠲᠣᠰ ᠤᠳᠠᠭᠠᠨ ᠤ ᠣᠯᠠᠨ ᠤᠯᠤᠰ ᠤᠨ ᠡᠯᠡᠰᠦᠨ ᠴᠦᠯ ᠦᠨ ᠠᠪᠠᠬᠠᠢ ᠨᠠᠷ ᠴᠦᠮ ᠲᠣᠰ ᠤᠯᠤᠰ ᠤᠨ ᠢᠶᠡᠨ ᠵᠥᠪᠰᠢᠶᠡᠷᠡᠯ ᠢ ᠣᠯᠵᠤ ᠂   ︿ ︿ ᠠᠮᠢᠲᠠᠨ ᠢ ᠬᠠᠮᠠᠭᠠᠯᠠᠨ ᠣᠷᠴᠢᠨ ᠠᠬᠤᠢ ᠶ᠋ᠢ ᠨᠠᠨᠲᠢᠩᠨᠠᠨ ᠬᠠᠶᠢᠷᠠᠯᠠᠬᠤ ﹀ ﹀ ᠪᠡᠷ ᠭᠣᠤᠯ ᠵᠣᠷᠢᠯᠲᠠ ᠪᠣᠯᠭᠠᠨ ᠂ ᠨᠥᠭᠡᠴᠡ ᠲᠠᠢ ᠬᠥᠭᠵᠢᠯᠲᠡ ᠪᠡᠷ ᠵᠢᠯᠤᠭᠤᠳᠤᠯᠭ᠎ᠠ ᠪᠣᠯᠭᠠᠵᠤ ᠂ ᠪᠤᠬᠢᠷᠳᠤᠯ ᠦᠭᠡᠢ ᠠᠮᠢ ᠠᠬᠤᠢ ᠶ᠋ᠢᠨ ᠤᠶᠢᠯᠠᠭᠠᠬᠳᠠᠬᠤᠨ  ᠢ ᠪᠠᠷᠢᠮᠲᠠᠯᠠᠨ ᠂ ᠳᠡᠯᠡᠬᠡᠢ ᠶ᠋ᠢᠨ ᠡᠯ᠎ᠡ ᠤᠯᠤᠰ ᠤᠨ ᠠᠬ᠎ᠠ ᠳᠡᠭᠦᠦ ᠵᠣᠴᠢᠳ ᠬᠠᠮᠳᠤ ᠪᠠᠷ ᠨᠠᠢᠮᠠᠨ ᠤ ᠭᠤᠶᠤ ᠰᠠᠶᠢᠬᠠᠨ ᠢ ᠮᠡᠳᠡᠷᠡᠨ ᠨᠠᠢᠮᠠᠨ ᠤ ᠭᠤᠶᠤ ᠰᠠᠶᠢᠬᠠᠨ ᠢ ᠤᠶᠢᠯᠠᠭᠠᠵᠤ ᠨᠠᠢᠮᠠᠨ ᠤ ᠭᠤᠶᠤ ᠰᠠᠶᠢᠬᠠᠨ ᠢ ᠣᠯᠠᠮᠵᠢᠯᠠᠨ ᠂ ᠡᠯ᠎ᠡ ᠤᠯᠤᠰ ᠤᠨ ᠨᠥᠬᠦᠷᠯᠡᠯ ᠢ ᠴᠢᠩᠭᠠᠣᠨᠬᠠᠵᠤ ᠨᠠᠢᠮᠠᠨ ᠤ ᠬᠥᠭᠵᠢᠯᠲᠡ ᠶ᠋ᠢ ᠠᠬᠢᠭᠤᠯᠤᠨ ᠂ ᠨᠠᠢᠮᠠᠨ ᠤ ᠨᠡᠷ᠎ᠡ ᠲᠥᠷᠥ ᠢᠷᠠᠭᠤ ᠠᠯᠳᠠᠷ ᠢ ᠳᠡᠭᠡᠭᠰᠢᠯᠡᠭᠦᠯᠦᠭᠰᠡᠨ ᠪᠠᠶᠢᠨ᠎ᠠ ᠃                                                
                                                     ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ