ᠨᠠᠢᠮᠠᠨ ᠬᠤᠰᠢᠭᠤᠨ ᠤ ᠬᠣᠶᠠᠷ ᠡᠷᠡᠭᠦᠯ ᠬᠠᠮᠠᠭᠠᠯᠠᠯ ᠤᠨ ᠬᠣᠷᠢᠶᠠᠨ ᠤ ᠳᠠᠷᠤᠭ᠎ᠠ ᠪᠦᠬᠦ ᠤᠯᠤᠰ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠣᠷᠢᠶᠠᠨ ‍ᠤ ᠰᠢᠯᠢᠳᠡᠭ ᠬᠣᠷᠢᠶᠠᠨ ᠳᠠᠷᠤᠭ᠎ᠠ ᠶ᠋ᠢᠨ ᠨᠡᠷᠡᠰ ᠲᠦ ᠵᠢᠬᠰᠠᠭᠠᠬᠳᠠᠨ ᠣᠷᠤᠪᠠ

ᠣᠩᠰᠢᠭᠰᠠᠨ ᠤᠳᠠᠭ᠎ᠠ ᠄ 2239     ᠨᠡᠶᠢᠳᠡᠯᠡᠭᠰᠡᠨ ᠴᠠᠭ ᠄ 2018/9/6 8:50:19

   ᠨᠠᠢᠮᠠᠨ ᠬᠤᠰᠢᠭᠤᠨ ᠤ ᠪᠠᠶᠢᠰᠢᠩᠲᠤ ᠡᠷᠡᠭᠦᠯ ᠬᠠᠮᠠᠭᠠᠯᠠᠯ ᠤᠨ ᠬᠣᠷᠢᠶᠠᠨ ᠳᠠᠷᠤᠭ᠎ᠠ ᠴᠸᠨ ᠸᠸᠨ ᠯᠦᠩ ᠪᠣᠯᠣᠨ ᠴᠢᠩ ᠯᠦᠩ ᠱᠠᠨ ᠡᠷᠡᠭᠦᠯ ᠬᠠᠮᠠᠭᠠᠯᠠᠯ ᠤᠨ ᠬᠣᠷᠢᠶᠠᠨ  ᠳᠠᠷᠤᠭ᠎ᠠ ᠸᠸᠢ ᠶᠦᠩ ᠱᠸᠩ ᠪᠦᠬᠦ ᠤᠯᠤᠰ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠣᠷᠢᠶᠠᠨ ᠤ ᠰᠢᠯᠢᠳᠡᠭ ᠬᠣᠷᠢᠶᠠᠨ ᠳᠠᠷᠤᠭ᠎ᠠ ᠶ᠋ᠢᠨ ᠨᠡᠷᠡᠰ ᠲᠦ ᠰᠤᠩᠭᠤᠬᠳᠠᠨ ᠣᠷᠤᠪᠠ ᠃
   ᠳᠣᠮᠳᠠᠳᠤ ᠤᠯᠤᠰ ᠤᠨ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠨᠢ ᠦᠨᠳᠦᠰᠦᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠳ ᠤᠨ ᠢᠳᠡᠪᠬᠢᠲᠡᠢ ᠤᠷᠤᠬᠰᠢᠯᠠᠬᠤ ᠶ᠋ᠢ ᠵᠣᠷᠢᠬᠵᠢᠭᠤᠯᠤᠨ ᠳᠡᠳᠡᠨᠦᠰ ᠦᠨ ᠲᠣᠬᠠᠶᠢᠯᠠᠬᠰᠠᠨ ᠠᠵᠢᠯ ᠤᠨ ᠴᠢᠳᠠᠪᠤᠷᠢ ᠶ᠋ᠢ ᠳᠡᠭᠡᠭᠰᠢᠯᠡᠭᠦᠯᠵᠦ ᠂ ᠰᠤᠷᠤᠯᠴᠠᠬᠤ ᠬᠡᠪ ᠳᠠᠭᠤᠷᠢᠶᠠᠯ ᠢ ᠪᠤᠢ ᠪᠣᠯᠭᠠᠨ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠠᠵᠢᠯ ᠤᠨ ᠡᠷᠡᠭᠦᠯ ᠰᠠᠷᠠᠭᠤᠯ ᠬᠥᠭᠵᠢᠯᠲᠡ ᠶ᠋ᠢ ᠠᠬᠢᠭᠤᠯᠬᠤ ᠶ᠋ᠢᠨ ᠲᠥᠯᠦᠭᠡ ᠂ ᠤᠯᠤᠰ ᠤᠨ ᠡᠷᠡᠭᠦᠯ ᠴᠢᠬᠢᠷᠠᠭ ᠤᠨ ᠵᠥᠪᠯᠡᠯ ᠦᠨ ᠬᠠᠮᠢᠶ᠎ᠠ ᠪᠦᠬᠦᠢ ᠰᠠᠯᠠᠭ᠎ᠠ ᠮᠦᠴᠢᠷ ᠦᠨ ᠵᠥᠪᠰᠢᠶᠡᠷᠡᠯ ᠢᠶ᠋ᠡᠷ ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠣᠷᠢᠶᠠᠨ ᠤ ᠰᠢᠯᠢᠳᠡᠭ ᠬᠣᠷᠢᠶᠠᠨ ᠳᠠᠷᠤᠭ᠎ᠠ ᠶ᠋ᠢ ᠰᠢᠯᠢᠨ ᠰᠢᠯᠭᠠᠷᠠᠭᠤᠯᠬᠤ ᠠᠵᠢᠯᠯᠠᠭᠠᠨ ᠥᠷᠨᠢᠭᠦᠯᠵᠡᠢ ᠃
   ᠪᠦᠬᠦ ᠤᠯᠤᠰ ᠤᠨ ᠡᠯ᠎ᠡ ᠭᠠᠵᠠᠷ ᠤᠨ ᠬᠢᠨ ᠰᠤᠩᠭᠤᠨ ᠰᠢᠯᠭᠠᠷᠠᠭᠤᠯᠬᠤ ᠪᠠᠷᠢᠮᠵᠢᠶ᠎ᠠ ᠶ᠋ᠢ ᠪᠠᠳᠦ ᠴᠢᠩᠭ᠎ᠠ ᠵᠢᠷᠤᠮᠯᠠᠨ ᠂ ᠳᠣᠤᠷ᠎ᠠ ᠡᠴᠠ ᠳᠡᠭᠡᠭᠰᠢ ᠰᠤᠩᠭᠤᠨ ᠳᠡᠪᠰᠢᠭᠦᠯᠵᠦ ᠱᠠᠳᠤ ᠱᠠᠳᠤ ᠪᠠᠷ ᠬᠢᠨᠠᠨ ᠵᠥᠪᠰᠢᠶᠡᠷᠡᠵᠦ ᠂ ᠳᠣᠮᠳᠠᠳᠤ ᠤᠯᠤᠰ ᠤᠨ ᠬᠦᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠰᠢᠯᠭᠠᠷᠠᠭᠤᠯᠬᠤ ᠵᠥᠪᠯᠡᠯ ᠵᠣᠬᠢᠶᠠᠨ ᠪᠠᠶᠢᠭᠤᠯᠤᠨ ᠳᠡᠪᠰᠢᠭᠦᠯᠦᠭᠰᠡᠨ ᠮᠠᠲ᠋ᠸᠷᠢᠶᠠᠯ ᠢ ᠬᠢᠨᠠᠨ ᠬᠠᠷᠭᠤᠭᠤᠯᠬᠤ ᠶ᠋ᠢ ᠭᠦᠢᠴᠡᠦᠨᠬᠡᠵᠦ ᠂ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠬᠣᠷᠢᠶᠠᠨ ᠤ ᠰᠢᠯᠢᠳᠡᠭ ᠬᠣᠷᠢᠶᠠᠨ ᠳᠠᠷᠤᠭ᠎ᠠ ᠶ᠋ᠢ 574 ᠨᠡᠷᠡᠰ ᠰᠤᠩᠭᠤᠵᠤ ᠂ ᠡᠭᠦᠨ ᠳ᠋ᠦ ᠨᠠᠢᠮᠠᠨ ᠬᠤᠰᠢᠭᠤᠨ ᠤ ᠬᠣᠶᠠᠷ ᠡᠷᠡᠭᠦᠯ ᠬᠠᠮᠠᠭᠠᠯᠠᠯ ᠤᠨ ᠬᠣᠷᠢᠶᠠᠨ ᠳᠠᠷᠤᠭ᠎ᠠ ᠰᠠᠮᠪᠠᠷ᠎ᠠ ᠳᠡᠭᠡᠷ᠎ᠡ ᠨᠡᠷ᠎ᠡ ᠲᠠᠢ ᠪᠣᠯᠵᠠᠢ ᠃                   
                                                        ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄

ᠬᠠᠮᠢᠶ᠎ᠡ ᠪᠦᠬᠦᠢ ᠰᠣᠨᠢᠨ