ᠨᠠᠢᠮᠠᠨ ᠬᠤᠰᠢᠭᠤ ᠪᠦᠬᠦ ᠤᠯᠤᠰ ᠤᠨ ᠬᠣᠪᠣᠷ ᠨᠠᠨᠲᠢᠨ ᠡᠷᠲᠡᠨ ᠦ ᠨᠡᠷᠡᠲᠦ ᠮᠣᠳᠣ ᠶ᠋ᠢ ᠨᠡᠶᠢᠳᠡᠮ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ

ᠣᠩᠰᠢᠭᠰᠠᠨ ᠤᠳᠠᠭ᠎ᠠ ᠄ 32905     ᠨᠡᠶᠢᠳᠡᠯᠡᠭᠰᠡᠨ ᠴᠠᠭ ᠄ 2018/9/7 9:10:59

   ᠤᠯᠤᠰ ᠤᠨ ᠨᠣᠭᠤᠭᠠᠷᠠᠭᠤᠯᠤᠯᠲᠠ ᠶ᠋ᠢᠨ ᠵᠥᠪᠯᠡᠯ ᠦᠨ ᠲᠥᠷᠦᠭᠦᠯᠡᠨ ᠬᠠᠷᠢᠭᠤᠴᠠᠬᠰᠠᠨ ᠪᠦᠬᠦ ᠤᠯᠤᠰ ᠤᠨ ᠬᠣᠪᠣᠷ ᠨᠠᠨᠲᠢᠨ ᠡᠷᠲᠡᠨ ᠦ ᠨᠡᠷᠡᠲᠦ ᠮᠣᠳᠣ ᠶ᠋ᠢ ᠨᠡᠶᠢᠲᠡᠮ ᠪᠠᠶᠢᠴᠠᠭᠠᠬᠤ ᠠᠵᠢᠯ ᠤᠶᠢᠷ᠎ᠠ ᠳ᠋ᠤ ᠨᠠᠢᠮᠠᠨ ᠬᠤᠰᠢᠭᠤᠨ ᠳ᠋ᠤ ᠪᠦᠬᠦ ᠲᠠᠯ᠎ᠠ ᠪᠠᠷ ᠥᠷᠨᠢᠪᠡ ᠃ ᠥᠪᠡᠷᠲᠡᠭᠡᠨ ᠵᠠᠰᠠᠬᠤ ᠣᠷᠣᠨ ᠤ ᠬᠣᠶᠠᠳᠤᠭᠠᠷ ᠣᠢ ᠰᠢᠭᠤᠢ ᠶ᠋ᠢᠨ ᠬᠠᠶᠢᠨ ᠪᠠᠶᠢᠴᠠᠭᠠᠵᠤ ᠲᠥᠯᠦᠪᠯᠡᠨ ᠵᠢᠷᠤᠬᠯᠠᠬᠤ ᠬᠦᠷᠢᠶᠡᠯᠡᠩ  ᠡᠴᠡ ᠬᠣᠶᠠᠷ ᠨᠡᠷᠡᠰ ᠲᠣᠰᠬᠠᠢ ᠠᠵᠢᠯᠲᠠᠨ ᠲᠣᠮᠢᠯᠠᠨ ᠢᠷᠡᠭᠦᠯᠵᠦ ᠬᠤᠰᠢᠭᠤᠨ ᠤ ᠣᠢ ᠰᠢᠭᠤᠢ ᠶ᠋ᠢᠨ ᠠᠵᠢᠯᠲᠠᠳ ᠲᠠᠢ ᠬᠠᠮᠵᠢᠨ ᠬᠣᠷᠰᠢᠵᠤ ᠂ ᠬᠤᠰᠢᠭᠤᠨ ᠤ ᠬᠡᠪᠴᠢᠶᠡᠨ ᠳᠣᠳᠤᠷᠠᠬᠢ ᠬᠣᠪᠣᠷ ᠨᠠᠨᠲᠢᠨ ᠡᠷᠲᠡᠨ ᠦ ᠨᠡᠷᠡᠲᠦ ᠮᠣᠳᠣ ᠶ᠋ᠢ ᠪᠦᠬᠦ ᠲᠠᠯ᠎ᠠ ᠪᠠᠷ ᠨᠡᠶᠢᠳᠡᠮ ᠪᠠᠶᠢᠴᠠᠭᠠᠵᠤ  ᠪᠤᠢ ᠃ ᠲᠣᠰ ᠤᠳᠠᠭᠠᠨ ᠤ ᠪᠠᠶᠢᠴᠠᠭᠠᠯᠲᠠ ᠨᠢ ᠳᠡᠭᠡᠷ᠎ᠡ ᠤᠳᠠᠭᠠᠨ ᠤ ᠨᠡᠶᠢᠳᠡᠮ ᠪᠠᠶᠢᠴᠠᠭᠠᠯᠲᠠ ᠶ᠋ᠢᠨ ᠰᠠᠭᠤᠷᠢᠨ ᠳᠡᠭᠡᠷ᠎ᠡ ᠪᠠᠶᠢᠴᠠᠭᠠᠨ ᠨᠥᠬᠦᠪᠦᠷᠢᠯᠡᠨ ᠨᠢᠭᠡᠳ ᠨᠢᠭᠡ ᠪᠡᠷ ᠲᠡᠮᠳᠡᠭᠯᠡᠨ    ᠳᠠᠩᠰᠠᠯᠠᠵᠤ ᠂ ᠪᠦᠬᠦ ᠤᠯᠤᠰ ᠤᠨ ᠬᠣᠪᠣᠷ ᠨᠠᠨᠲᠢᠨ ᠡᠷᠲᠡᠨ ᠦ ᠨᠡᠷᠡᠲᠦ ᠮᠣᠳᠣ ᠶ᠋ᠢᠨ ᠰᠢᠰᠲ᠋ᠧᠮ ᠳ᠋ᠦ ᠣᠷᠤᠭᠤᠯᠬᠤ ᠪᠣᠯᠤᠨ᠎ᠠ ᠃ ᠡᠨᠡ ᠨᠢ ᠬᠣᠪᠣᠷ ᠨᠠᠨᠲᠢᠨ ᠡᠷᠲᠡᠨ ᠦ ᠨᠡᠷᠡᠲᠦ  ᠮᠣᠳᠣᠨ ᠤ ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠨ ᠵᠦᠢ ᠵᠣᠬᠢᠰᠲᠠᠢ ᠠᠰᠢᠬᠯᠠᠬᠤ ᠳ᠋ᠦ ᠬᠦᠨᠳᠦ ᠴᠢᠬᠤᠯᠠ ᠣᠤᠨᠬ᠎ᠠ ᠠᠭᠤᠯᠭ᠎ᠠ

ᠲᠠᠢ ᠶᠤᠮ᠃                                   

                                                               ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ