ᠨᠠᠢᠮᠠᠨ ᠬᠤᠰᠢᠭᠤ ᠵᠣᠷᠢᠭ ᠪᠠ ᠤᠶᠤᠨ ᠢ ᠨᠢ ᠢᠳᠡᠪᠬᠢᠲᠡᠢ ᠳᠡᠦᠨᠬᠦᠨ ᠶᠠᠳᠠᠭᠤ ᠡᠴᠠ ᠠᠩᠭᠢᠵᠢᠷᠠᠭᠤᠯᠬᠤ ᠶ᠋ᠢ ᠠᠬᠢᠭᠤᠯᠵᠤ ᠪᠤᠢ

ᠣᠩᠰᠢᠭᠰᠠᠨ ᠤᠳᠠᠭ᠎ᠠ ᠄ 161     ᠨᠡᠶᠢᠳᠡᠯᠡᠭᠰᠡᠨ ᠴᠠᠭ ᠄ 2018/9/8 9:11:16

   ᠨᠠᠢᠮᠠᠨ ᠬᠤᠰᠢᠭᠤ ᠶᠠᠳᠠᠭᠤ ᠡᠴᠠ ᠠᠩᠭᠢᠵᠢᠷᠠᠭᠤᠯᠬᠤ ᠰᠢᠪᠳᠤᠯᠤᠯᠲᠠ ᠳᠣᠮᠳᠠ ᠂ ᠵᠣᠷᠢᠭ ᠢ ᠨᠢ ᠳᠡᠦᠨᠬᠦᠬᠦ ᠪᠣᠯᠣᠨ ᠤᠶᠤᠨ ᠤᠬᠠᠭᠠᠨ ᠢ ᠨᠢ ᠳᠡᠦᠨᠬᠦᠬᠦ ᠶ᠋ᠢ ᠨᠢᠬᠲᠠ ᠤᠶᠠᠯᠳᠤᠭᠤᠯᠤᠨ ᠴᠢᠩᠭ᠎ᠠ ᠠᠣᠨᠬᠤᠵᠤ ᠂ ᠶᠠᠳᠠᠭᠤ ᠬᠦᠴᠢᠷᠲᠡᠢ ᠣᠯᠠᠨ ᠲᠦᠮᠡᠨ ᠦ ︿ ︿ ᠶᠠᠳᠠᠭᠤ ᠨᠠᠮ᠎ᠠ ᠶ᠋ᠢ ᠳᠡᠦᠨᠬᠦᠬᠦ ᠬᠡᠷᠡᠭᠲᠡᠢ ﹀ ﹀ ᠭᠡᠬᠦ ᠪᠣᠳᠤᠯ ᠢ ᠨᠢ ︿ ︿ ᠪᠢ ᠴᠢᠷᠮᠠᠶᠢᠨ ᠶᠠᠳᠠᠭᠤ ᠡᠴᠠ ᠪᠠᠨ ᠠᠩᠭᠢᠵᠢᠷᠠᠨ᠎ᠠ ﹀ ﹀ ᠭᠡᠰᠡᠨ ᠦᠵᠡᠯᠲᠡ ᠪᠣᠯᠭᠠᠨ ᠬᠣᠪᠢᠷᠠᠭᠤᠯᠵᠤ ᠂ ᠶᠠᠳᠠᠭᠤ ᠡᠴᠠ ᠠᠩᠭᠢᠵᠢᠷᠠᠭᠤᠯᠬᠤ ᠠᠵᠢᠯ ᠢ ᠦᠨᠡᠨ ᠪᠤᠳᠠᠲᠠᠢ ᠠᠬᠢᠭᠤᠯᠵᠤ ᠪᠠᠶᠢᠨ᠎ᠠ ᠃
   ᠲᠥᠷᠥ ᠶ᠋ᠢᠨ ᠪᠣᠳᠤᠯᠭ᠎ᠠ ᠶ᠋ᠢᠨ ᠤᠬᠠᠭᠤᠯᠭ᠎ᠠ ᠪᠠᠨ ᠴᠢᠩᠭᠠᠣᠨᠬᠠᠵᠤ ᠶᠠᠳᠠᠭᠤ ᠡᠴᠠ ᠠᠩᠭᠢᠵᠢᠷᠠᠬᠤ ᠶ᠋ᠢ ᠠᠬᠢᠭᠤᠯᠵᠤ ᠪᠤᠢ ᠃ ᠲᠣᠰᠬᠤᠨ ᠤ ᠷᠠᠲᠢᠤ᠋ ᠯᠠᠪᠠᠷ ᠪᠣᠯᠣᠨ ᠠᠵᠢᠯᠯᠠᠬᠤ ᠠᠩᠭᠢ ᠶ᠋ᠢᠨ ᠬᠡᠰᠢᠭᠦᠦᠨ ᠲᠣᠰᠬᠤᠨ ᠳ᠋ᠤ ᠭᠦᠨᠵᠡᠬᠡᠶᠢᠷᠡᠨ ᠡᠷᠦᠬᠡ ᠲᠣᠭᠤᠷᠢᠵᠤ ᠨᠠᠮ ᠤᠨ ᠲᠥᠷᠥ ᠶ᠋ᠢᠨ ᠪᠣᠳᠤᠯᠭ᠎ᠠ ᠶ᠋ᠢ ᠨᠠᠷᠢᠨ ᠲᠣᠳᠤᠷᠬᠠᠢ ᠲᠠᠶᠢᠯᠪᠤᠷᠢᠯᠠᠨ ᠤᠬᠠᠭᠤᠯᠬᠤ ᠶ᠋ᠢᠨ ᠬᠠᠮᠳᠤ ᠳᠣᠮᠳᠠᠳᠤ ᠶ᠋ᠢᠨ ᠦᠨᠳᠦᠰᠦᠲᠡᠨ ᠦ ᠲᠡᠰᠪᠦᠷᠢ ᠬᠠᠲᠠᠭᠤᠵᠢᠯᠲᠠᠢ  ᠲᠡᠮᠡᠴᠡᠨ ᠴᠦᠬᠦᠷᠡᠰᠢ ᠦᠭᠡᠢ ᠴᠢᠷᠮᠠᠶᠢᠬᠤ ᠵᠣᠷᠢᠭ ᠰᠠᠨᠠᠭ᠎ᠠ ᠪᠠ ᠥᠪᠡᠷ ᠦᠨ ᠬᠦᠴᠦ ᠪᠡᠷ ᠢᠶ᠋ᠡᠨ ᠳᠡᠭᠵᠢᠷᠡᠬᠦ ᠣᠯᠠᠮᠵᠢᠯᠠᠯᠳᠤ ᠪᠣᠯᠪᠠᠰᠤᠨ ᠰᠤᠷᠲᠠᠯ ᠢ ᠪᠠᠳᠠᠷᠠᠭᠤᠯᠤᠨ ᠂ ᠠᠵᠢᠯᠴᠢ ᠬᠦᠳᠡᠯᠮᠦᠷᠢᠴᠢ ᠪᠡᠷ ᠪᠠᠶᠠᠵᠢᠵᠤ ᠶᠠᠳᠠᠭᠤ ᠡᠴᠠ ᠠᠩᠭᠢᠵᠢᠷᠠᠬᠤ ᠨᠢ ᠥᠩᠭᠡ ᠭᠡᠷᠡᠯ ᠲᠠᠢ ᠭᠡᠬᠦ ᠶᠠᠷᠢᠶ᠎ᠠ ᠬᠡᠯᠡᠯᠴᠡᠭᠡ ᠶ᠋ᠢ ᠰᠤᠷᠲᠠᠯᠴᠢᠯᠠᠨ ᠪᠤᠢ ᠪᠣᠯᠭᠠᠵᠤ ᠶᠠᠳᠠᠭᠤ ᠡᠴᠠ ᠠᠩᠭᠢᠵᠢᠷᠠᠭᠤᠯᠬᠤ ᠶ᠋ᠢ ᠠᠬᠢᠭᠤᠯᠵᠤ ᠪᠠᠶᠢᠨ᠎ᠠ ᠃ ᠣᠳᠣᠬᠠᠨ ᠳ᠋ᠤ ᠶᠡᠬᠡ ᠬᠡᠪᠴᠢᠶᠡᠨ ᠦ ᠲᠠᠶᠢᠯᠤᠮᠵᠢ ᠤᠬᠠᠭᠤᠯᠭ᠎ᠠ ᠶ᠋ᠢ 1300 ᠭᠠᠷᠤᠢ ᠲᠠᠯᠠᠪᠠᠢ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ ᠂ ᠰᠢᠨ᠎ᠡ ᠮᠠᠶᠢᠭ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠤᠩᠰᠢᠭᠤ ᠪᠢᠴᠢᠭ ᠪᠠ ᠤᠬᠠᠭᠤᠯᠤᠯ ᠬᠦᠮᠦᠵᠢᠯ ᠦᠨ ᠭᠠᠷ ᠳᠡᠪᠲᠡᠷ ᠢ ᠲᠣᠰ ᠲᠣᠰ 10 ᠲᠦᠮᠡᠨ ᠳᠡᠪᠲᠡᠷ ᠂ ᠣᠨᠤᠪᠴᠢᠲᠠᠢ ᠪᠠᠷ ᠶᠠᠳᠠᠭᠤ ᠶ᠋ᠢ ᠳᠡᠦᠨᠬᠦᠬᠦ ᠣᠨ ᠤ ᠵᠢᠷᠤᠭ ᠢ 10 ᠲᠦᠮᠡᠨ ᠬᠠᠭᠤᠳᠠᠰᠤ ᠲᠠᠷᠬᠠᠭᠠᠵᠠᠢ ᠃
   ᠨᠡᠶᠢᠲᠡᠯᠢᠭ ᠵᠢᠱᠢᠶ᠎ᠡ ᠪᠡᠷ ᠵᠢᠯᠤᠭᠤᠳᠤᠯᠭ᠎ᠠ ᠪᠣᠯᠭᠠᠵᠤ ᠶᠠᠳᠠᠭᠤ ᠡᠴᠠ ᠠᠩᠭᠢᠵᠢᠷᠠᠬᠤ ᠶ᠋ᠢ ᠠᠬᠢᠭᠤᠯᠵᠤ ᠪᠤᠢ ᠃ ᠲᠣᠰ ᠬᠤᠰᠢᠭᠤ ᠥᠪᠡᠰᠦᠪᠡᠨ ᠴᠢᠷᠮᠠᠶᠢᠨ ᠶᠠᠳᠠᠭᠤ ᠡᠴᠠ ᠠᠩᠭᠢᠵᠢᠷᠠᠵᠤ ᠪᠦᠬᠦᠢ ᠨᠡᠶᠢᠲᠡᠯᠢᠭ ᠵᠢᠱᠢᠶ᠎ᠡ ᠶ᠋ᠢ ᠠᠣᠨᠬᠤᠨ ᠷᠠᠲᠢᠣ᠋ ᠲᠸᠯᠸᠢᠰ ᠂ ᠲᠣᠤᠷ ᠰᠦᠯᠵᠢᠶ᠎ᠡ ᠵᠡᠷᠭᠡ ᠵᠠᠭᠤᠴᠢᠯᠠᠭᠤᠷ ᠢ ᠠᠰᠢᠬᠯᠠᠨ ᠮᠡᠳᠡᠭᠡᠯᠡᠵᠦ ᠂ ᠲᠣᠰᠬᠤᠨ ᠪᠦᠬᠦᠨ ᠸᠢᠴᠠᠲ ᠤᠨ ᠰᠦᠷᠦᠭ ᠢᠶ᠋ᠡᠷ ᠰᠢᠯᠵᠢᠭᠦᠯᠦᠨ ᠲᠠᠷᠬᠠᠭᠠᠵᠤ ᠪᠤᠢ ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠢ ︿ ︿ ᠤᠶᠢᠯᠡᠰ ᠡᠷᠬᠢᠯᠡᠨ ᠶᠠᠳᠠᠭᠤ ᠡᠴᠠ ᠠᠩᠭᠢᠵᠢᠷᠠᠬᠰᠠᠨ ᠡᠷᠦᠬᠡ ﹀ ﹀ ᠂ ︿ ︿ ᠬᠠᠮᠤᠭ ᠭᠤᠶᠤ ᠭᠡᠷ ᠪᠦᠯᠢ ﹀ ﹀ ᠵᠡᠷᠭᠡ ᠶ᠋ᠢ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠦᠨ ᠂ ᠪᠦᠬᠦ ᠬᠤᠰᠢᠭᠤᠨ ᠤ ᠡᠯ᠎ᠡ ᠱᠠᠳᠤᠨ ᠤ ᠡᠯ᠎ᠡ ᠲᠥᠷᠥᠯ ᠦᠨ ᠨᠡᠶᠢᠲᠡᠯᠢᠭ ᠵᠢᠱᠢᠶᠡᠨ ᠦ ᠡᠷᠦᠬᠡ 94890 ᠪᠣᠯᠵᠤ ᠂ ᠥᠪᠡᠰᠦᠪᠡᠨ ᠤᠶᠢᠯᠡᠰ ᠡᠷᠬᠢᠯᠡᠨ ᠶᠠᠳᠠᠭᠤ ᠡᠴᠠ ᠠᠩᠭᠢᠵᠢᠷᠠᠬᠤ ᠰᠠᠶᠢᠨ ᠰᠠᠶᠢᠬᠠᠨ ᠨᠡᠶᠢᠭᠡᠮ ᠦᠨ ᠬᠡᠪ ᠰᠤᠷᠲᠠᠯ ᠢ ᠪᠤᠢ ᠪᠣᠯᠭᠠᠵᠠᠢ ᠃
   ᠤᠶᠤᠨ ᠤᠬᠠᠭᠠᠨ ᠢ ᠨᠢ ᠰᠡᠷᠭᠦᠭᠡᠨ ᠳᠡᠭᠡᠭᠰᠢᠯᠡᠭᠦᠯᠵᠦ ᠶᠠᠳᠠᠭᠤ ᠡᠴᠠ ᠠᠩᠭᠢᠵᠢᠷᠠᠬᠤ ᠶ᠋ᠢ ᠠᠬᠢᠭᠤᠯᠵᠤ ᠪᠤᠢ ᠃ ᠬᠤᠰᠢᠭᠤᠨ ᠤ ᠡᠮᠡᠭᠲᠡᠶᠢᠴᠦᠳ ᠦᠨ ᠬᠣᠯᠪᠤᠭ᠎ᠠ ᠪᠦᠬᠦ ᠬᠤᠰᠢᠭᠤᠨ ᠤ ᠬᠡᠪᠴᠢᠶᠡᠨ ᠳ᠋ᠦ ︿ ︿ ᠠᠷᠢᠭᠤᠨ ᠴᠡᠪᠡᠷ ᠭᠡᠷ ᠪᠦᠯᠢ ﹀ ﹀ ᠵᠡᠷᠭᠡ ᠶ᠋ᠢ ᠰᠢᠯᠭᠠᠷᠠᠭᠤᠯᠬᠤ ᠪᠠ ᠬᠤᠰᠢᠭᠤᠨ ᠤ ᠡᠪᠯᠡᠯ ᠦᠨ ᠬᠣᠷᠢᠶ᠎ᠠ ︿ ︿ ᠰᠠᠶᠢᠨ ᠳᠤᠷ᠎ᠠ ᠶ᠋ᠢᠨ ᠤᠶᠢᠯᠡᠴᠢᠯᠡᠭᠡᠨ ᠤ ᠠᠩᠭᠢ ﹀ ﹀ ᠮᠡᠳᠥ ᠶ᠋ᠢᠨ ᠶᠠᠳᠠᠭᠤ ᠶ᠋ᠢ ᠬᠠᠪᠰᠤᠷᠤᠨ ᠳᠡᠦᠨᠬᠦᠬᠦ ᠠᠵᠢᠯᠯᠠᠭ᠎ᠠ ᠥᠷᠨᠢᠭᠦᠯᠵᠦ ᠂ ᠬᠤᠰᠢᠭᠤᠨ ᠤ ᠤᠬᠠᠭᠤᠯᠬᠤ ᠬᠡᠯᠲᠡᠰ ᠵᠡᠷᠭᠡ ᠣᠯᠠᠨ ᠰᠠᠯᠠᠭ᠎ᠠ ᠮᠦᠴᠢᠷ ᠲᠣᠰ ᠲᠣᠰ ᠲᠠᠭᠠᠨ ᠲᠥᠷᠥᠯ ᠬᠣᠪᠢᠶᠠᠨ ᠡᠯ᠎ᠡ ᠵᠦᠢᠯ ᠦᠨ ᠪᠣᠯᠪᠠᠰᠤᠷᠠᠯ ᠬᠥᠮᠦᠵᠢᠯ ᠢ ᠣᠯᠠᠨ ᠬᠣᠭᠣᠴᠠᠭ᠎ᠠ ᠡᠷᠬᠢᠯᠡᠵᠦ ᠂ ᠶᠠᠳᠠᠭᠤ ᠡᠷᠦᠬᠡ ᠶ᠋ᠢ ᠵᠢᠯᠤᠭᠤᠳᠤᠨ ᠶᠠᠳᠠᠭᠤ ᠡᠴᠠ ᠠᠩᠭᠢᠵᠢᠷᠠᠬᠤ ᠵᠥᠪ ᠤᠶᠢᠯᠠᠭᠠᠬᠳᠠᠬᠤᠨ ᠲᠠᠢ ᠪᠣᠯᠭᠠᠵᠤ ᠪᠤᠢ ᠃ ᠪᠠᠰᠠ ᠨᠢᠭᠡᠳᠦᠯᠲᠡᠢ ᠪᠡᠷ ᠭᠠᠴᠠᠭ᠎ᠠ ᠲᠣᠰᠬᠤᠨ ᠤ ᠠᠷᠠᠳ ᠤᠨ ᠡᠭᠦᠳᠡᠨ ᠫᠠᠶᠢᠰᠠ ᠨᠣᠮᠸᠷ ᠢ 94419 ᠵᠣᠬᠢᠶᠠᠨ ᠲᠠᠷᠬᠠᠭᠠᠵᠤ ᠡᠷᠡᠭᠦᠯ ᠴᠢᠬᠢᠷᠠᠭ ᠂ ᠬᠠᠤᠯᠢ ᠪᠠᠷ ᠵᠠᠰᠠᠬᠤ ᠵᠡᠷᠭᠡ ᠮᠡᠳᠡᠯᠭᠡ ᠶ᠋ᠢᠨ ᠲᠠᠶᠢᠯᠤᠮᠵᠢ ᠶ᠋ᠢ 100 ᠭᠠᠷᠤᠢ ᠤᠳᠠᠭ᠎ᠠ ᠬᠢᠵᠦ 2800 ᠢᠯᠡᠭᠦᠦ ᠮᠠᠯᠴᠢᠨ ᠲᠠᠷᠢᠶᠠᠴᠢᠨ ᠳ᠋ᠤ ᠪᠣᠯᠪᠠᠰᠤᠷᠠᠯ ᠬᠦᠷᠲᠡᠭᠡᠵᠡᠢ ᠃     
                                         ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ