ᠵᠡᠭᠡᠷᠳᠡ ᠲᠣᠰᠬᠤᠨ ᠣᠳᠤᠬᠢᠴᠢᠯᠠᠬᠰᠠᠨ ᠲᠠᠷᠢᠶᠠᠯᠠᠩ ᠤᠨ ᠨᠡᠪᠴᠢᠭᠦᠯᠬᠦ ᠲᠥᠷᠥᠯ ᠵᠦᠢᠯ  ᠢ ᠬᠡᠷᠡᠭᠵᠢᠭᠦᠯᠦᠨ ᠬᠠᠮᠳᠤ ᠶ᠋ᠢᠨ ᠠᠵᠤ ᠠᠬᠤᠢ ᠶ᠋ᠢᠨ ᠣᠷᠤᠯᠭ᠎ᠠ ᠶ᠋ᠢ ᠨᠡᠮᠡᠭᠳᠡᠭᠦᠯᠵᠦ ᠪᠤᠢ

ᠣᠩᠰᠢᠭᠰᠠᠨ ᠤᠳᠠᠭ᠎ᠠ ᠄ 8491     ᠨᠡᠶᠢᠳᠡᠯᠡᠭᠰᠡᠨ ᠴᠠᠭ ᠄ 2018/9/10 8:24:00

     ᠤᠶᠢᠷ᠎ᠠ ᠶ᠋ᠢᠨ ᠵᠢᠯ ᠳ᠋ᠦ ᠂ ᠨᠠᠢᠮᠠᠨ ᠬᠤᠰᠢᠭᠤᠨ ᠤ ᠪᠠᠶᠠᠨᠲᠠᠯ᠎ᠠ ᠰᠤᠮᠤ ᠶ᠋ᠢᠨ ᠵᠡᠭᠡᠷᠳᠡ ᠲᠣᠰᠬᠤᠨ ᠣᠳᠣᠬᠢᠴᠢᠯᠠᠬᠰᠠᠨ ᠲᠠᠷᠢᠶᠠᠯᠠᠩ ᠤᠨ ᠨᠡᠪᠴᠢᠭᠦᠯᠬᠦ ᠡᠷᠬᠡᠲᠡᠨ ᠦ ᠲᠥᠷᠥᠯ ᠵᠦᠢᠯ ᠢ ᠬᠡᠷᠡᠭᠵᠢᠭᠦᠯᠬᠦ ᠪᠡᠷ ᠳᠠᠮᠵᠢᠨ ᠂ ᠬᠠᠮᠳᠤ ᠶ᠋ᠢᠨ ᠠᠵᠤ ᠠᠬᠤᠢ ᠶ᠋ᠢᠨ ᠣᠷᠤᠯᠭ᠎ᠠ ᠶ᠋ᠢ ᠲᠠᠰᠤᠷᠠᠯᠲᠠ ᠦᠭᠡᠢ ᠨᠡᠮᠡᠭᠳᠡᠭᠦᠯᠵᠦ ᠪᠤᠢ ᠃ ᠲᠣᠰ ᠲᠥᠷᠥᠯ ᠵᠦᠢᠯ  ᠨᠢ ᠲᠣᠰᠬᠤᠨ ᠤ ᠵᠥᠪᠯᠡᠯ ᠡᠴᠡ ᠵᠣᠬᠢᠶᠠᠨ ᠪᠠᠶᠢᠭᠤᠯᠤᠨ ᠥᠨᠳᠦᠷ ᠪᠠᠷᠢᠮᠵᠢᠶᠠᠲᠤ ᠣᠳᠣᠬᠢᠴᠢᠯᠠᠬᠰᠠᠨ ᠴᠢᠬᠢ ᠪᠣᠶᠢᠵᠢᠭᠤᠯᠬᠤ ᠳᠤᠯᠠᠭᠠᠨ ᠬᠥᠯᠡᠮᠵᠢ 2 ᠮᠦᠷ 900 ᠲᠡᠭᠰᠢ ᠳᠥᠷᠪᠡᠯᠵᠢᠨ ᠮᠸᠲ᠋ᠷ ᠪᠠᠶᠢᠭᠤᠯᠵᠤ ᠂ ᠳᠤᠯᠠᠭᠠᠨ ᠬᠥᠯᠡᠮᠵᠢ ᠳ᠋ᠦ 5 ᠰᠠᠷ᠎ᠠ ᠶ᠋ᠢᠨ ᠳᠣᠮᠳᠠᠴᠢ ᠪᠠᠷ ᠤᠯᠠᠭᠠᠨ ᠯᠠᠵᠣᠤ ᠶ᠋ᠢᠨ ᠴᠢᠬᠢ ᠭᠠᠷᠭᠠᠵᠤ ᠂ 6 ᠰᠠᠷ᠎ᠠ ᠶ᠋ᠢᠨ ᠳᠣᠮᠳᠠᠴᠢ ᠳ᠋ᠤ ᠢᠳᠡᠰᠢᠨ ᠨᠤᠭᠤᠭ᠎ᠠ ᠭᠠᠷᠭᠠᠬᠤ ᠪᠣᠯᠤᠨ᠎ᠠ ᠃ ᠢᠳᠡᠰᠢᠨ ᠨᠣᠭᠤᠭ᠎ᠠ ᠶ᠋ᠢᠨ ᠦᠷ᠎ᠡ ᠪᠣᠶᠢᠵᠢᠭᠤᠯᠬᠤ 20 ᠮᠦᠷ 900 ᠲᠡᠭᠰᠢ ᠳᠥᠷᠪᠡᠯᠵᠢᠨ ᠮᠸᠲ᠋ᠷ ᠦᠨ ᠬᠥᠯᠡᠮᠵᠢ ᠪᠠᠶᠢᠭᠤᠯᠤᠨ ᠬᠠᠮᠳᠤ ᠶ᠋ᠢᠨ ᠠᠵᠤ ᠠᠬᠤᠢ ᠶ᠋ᠢᠨ ᠣᠷᠤᠯᠭ᠎ᠠ ᠶ᠋ᠢ ᠵᠢᠯ ᠳ᠋ᠦ 47 ᠲᠦᠮᠡᠨ ᠲᠥᠭᠦᠷᠢᠭ ᠨᠡᠮᠡᠭᠳᠡᠭᠦᠯᠬᠦ ᠪᠣᠯᠤᠨ᠎ᠠ ᠃       
                                                  ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ