ᠨᠠᠢ᠌ᠮᠠᠨ ᠬᠤᠰᠢᠭᠤ ᠡᠮ ᠡᠮᠨᠡᠯᠭᠡ ᠶᠢᠨ ᠬᠠᠶᠠᠭᠳᠠᠮᠠᠯ ᠡᠳ᠋ ᠢ ᠬᠤᠤᠷᠳᠠᠯ ᠦᠭᠡᠢ ᠪᠡᠷ ᠰᠢᠢᠳᠪᠦᠷᠢᠯᠡᠬᠦ ᠪᠤᠯᠪᠠ

ᠣᠩᠰᠢᠭᠰᠠᠨ ᠤᠳᠠᠭ᠎ᠠ ᠄ 40     ᠨᠡᠶᠢᠳᠡᠯᠡᠭᠰᠡᠨ ᠴᠠᠭ ᠄ 2018/9/14 8:20:49

    ᠨᠠᠢ᠌ᠮᠠᠨ ᠬᠤᠰᠢᠭᠤᠨ ᠤ ᠳ᠋ᠢᠩ ᠰᠢᠨ ᠪᠦᠯᠦᠭᠯᠡᠯ ᠦᠨ ᠬᠠᠲᠠᠭᠤ ᠪᠡᠶᠡᠲᠦ ᠬᠠᠶᠠᠭᠳᠠᠮᠠᠯ ᠡᠳ᠋ ᠢ ᠰᠢᠢᠳᠪᠦᠷᠢᠯᠡᠬᠦ ᠺᠤᠮᠫᠠᠨᠢ ᠶᠢᠨ ᠬᠢᠨ᠂ 2017 ᠤᠨ ᠳᠤ ᠪᠠᠢᠢᠭᠤᠯᠤᠭᠳᠠᠵᠤ᠂ ᠨᠢᠭᠡ ᠵᠢᠯ ᠦᠨ ᠴᠢᠷᠮᠠᠢᠯᠠᠭ᠎ᠠ ᠪᠡᠷ ᠦᠢᠯᠡᠳᠪᠦᠷᠢ ᠶᠢᠨ ᠭᠡᠷ ᠪᠠᠷᠢᠯᠭ᠎ᠠ ᠪᠠ ᠡᠯ᠎ᠡ ᠵᠦᠢᠯ ᠦᠨ ᠲᠤᠨᠤᠭ ᠲᠦᠬᠦᠭᠡᠷᠦᠮᠵᠢ ᠶᠢ ᠪᠦᠷᠢᠯᠳᠡᠭᠦᠯᠦᠭᠰᠡᠨ ᠦ ᠳᠠᠷᠠᠭ᠎ᠠ᠂ ᠡᠨᠡ ᠵᠢᠯ ᠦᠨ ᠨᠠᠢ᠌ᠮᠠᠨ ᠰᠠᠷ᠎ᠠ  ᠪᠤᠯᠲᠠᠯ᠎ᠠ ᠡᠯ᠎ᠡ ᠵᠦᠢᠯ ᠦᠨ ᠭᠠᠷ ᠭᠦᠢᠴᠡᠳᠭᠡᠯ ᠢ ᠭᠦᠢᠴᠡᠳᠭᠡᠵᠦ᠂ ᠵᠢᠯ ᠳᠦ 816 ᠲᠤᠨ ᠡᠮ ᠡᠮᠨᠡᠯᠭᠡ ᠶᠢᠨ ᠬᠠᠶᠠᠭᠳᠠᠮᠠᠯ ᠡᠳ᠋ ᠢ ᠰᠢᠢᠳᠪᠦᠷᠢᠯᠡᠬᠦ ᠲᠦᠩᠯᠢᠶᠤᠤ ᠬᠤᠲᠠ ᠶᠢᠨ ᠬᠠᠮᠤᠭ ᠠᠩᠬᠠᠨ ᠤ ᠺᠤᠮᠫᠠᠨᠢ ᠠᠰᠢᠭᠯᠠᠯᠲᠠ  ᠳᠤ ᠤᠷᠤᠵᠤ᠂ ᠡᠯ᠎ᠡ ᠡᠮ ᠡᠮᠨᠡᠯᠭᠡ ᠶᠢᠨ  ᠪᠠᠢᠢᠭᠤᠯᠤᠮᠵᠢ ᠶᠢᠨ ᠦᠪᠡᠷᠲᠡᠭᠡᠨ ᠰᠢᠲᠠᠭᠠᠵᠤ ᠤᠷᠴᠢᠨ ᠲᠤᠭᠤᠷᠢᠨ ᠢ ᠪᠤᠵᠠᠷᠲᠠᠭᠤᠯᠵᠤ  ᠪᠠᠢᠢᠭᠰᠠᠨ ᠲᠡᠦᠬᠡ ᠶᠢ ᠡᠴᠦᠰᠯᠡᠭᠦᠯᠪᠡ᠃ ᠲᠤᠰ ᠺᠤᠮᠫᠠᠨᠢ ᠶᠢᠨ ᠬᠢᠨ᠂ ᠰᠢᠨ᠎ᠡ ᠬᠡᠯᠪᠡᠷᠢ ᠶᠢᠨ ᠲᠤᠨᠤᠭ ᠲᠦᠬᠦᠭᠡᠷᠦᠮᠵᠢ ᠶᠢ ᠤᠷᠤᠭᠤᠯᠵᠤ᠂ ᠬᠡᠳᠦ ᠪᠤᠭᠤᠨᠢ ᠳᠤᠯᠭᠢᠶᠠᠨ ᠢᠶᠠᠷ ᠰᠢᠢᠳᠪᠦᠷᠢᠯᠡᠬᠦ ᠮᠡᠷᠭᠡᠵᠢᠯ ᠢ ᠬᠡᠷᠡᠭᠯᠡᠨ᠂ ᠬᠠᠶᠠᠭᠳᠠᠮᠠᠯ ᠬᠡᠢ ᠬᠠᠶᠠᠭᠳᠠᠮᠠᠯ ᠤᠰᠤ ᠦᠭᠡᠢ ᠪᠦᠭᠡᠳ ᠡᠵᠡᠯᠡᠭᠦᠨ ᠢᠶᠡᠷ ᠪᠠᠭ᠎ᠠ ᠵᠡᠷᠭᠡ ᠳᠠᠪᠠᠭᠤᠯᠢᠭ ᠲᠠᠯ᠎ᠠ ᠲᠠᠢ ᠪᠠᠢᠵᠤ᠂ ᠪᠠᠰᠠ ᠡᠮ ᠡᠮᠨᠡᠯᠭᠡ ᠶᠢᠨ ᠬᠠᠶᠠᠭᠳᠠᠮᠠᠯ ᠡᠳ᠋ ᠢ ᠵᠦᠭᠡᠭᠡᠪᠦᠷᠢᠯᠡᠬᠦ ᠲᠤᠰᠬᠠᠢ ᠲᠡᠷᠭᠡ ᠶᠢ ᠲᠤᠬᠢᠷᠠᠭᠤᠯᠵᠤ᠂ ᠵᠦᠭᠡᠭᠡᠪᠦᠷᠢᠯᠡᠬᠦ ᠶᠠᠪᠤᠴᠠ ᠳᠤ ᠭᠡᠭᠡᠭᠳᠡᠬᠦ ᠪᠤᠶᠤ ᠤᠷᠴᠢᠨ ᠲᠤᠭᠤᠷᠢᠨ ᠢ ᠪᠤᠵᠠᠷᠲᠠᠭᠤᠯᠬᠤ ᠡᠴᠡ  ᠵᠠᠢᠢᠯᠠᠰᠬᠢᠪᠡ᠃

                                                         ᠪᠠᠶᠠᠨᠵᠢᠷᠭᠠᠯ ᠮᠡᠳᠡᠭᠡᠯᠡᠪᠡ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ