ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠦᠨ ᠦᠢᠯᠡᠴᠢᠯᠡᠭᠡᠨ ᠦ ᠲᠦᠪ ᠦᠨ ᠬᠢᠨ ᠨᠡᠢᠭᠡᠮ ᠲᠤᠭᠤᠷᠢᠭ ᠲᠤ ᠡᠷᠡᠭᠦᠯ ᠴᠢᠬᠢᠷᠠᠭ ᠤᠨ ᠠᠯᠪᠠᠨ ᠵᠢᠷᠤᠮ ᠤᠨ ᠡᠮᠴᠢᠯᠡᠭᠡᠨ ᠤ ᠬᠦᠳᠡᠯᠭᠡᠭᠡᠨ ᠢ ᠦᠷᠨᠢᠭᠦᠯᠵᠦ ᠪᠠᠢᠨ᠎ᠠ

ᠣᠩᠰᠢᠭᠰᠠᠨ ᠤᠳᠠᠭ᠎ᠠ ᠄ 6632     ᠨᠡᠶᠢᠳᠡᠯᠡᠭᠰᠡᠨ ᠴᠠᠭ ᠄ 2018/9/20 9:54:05

      ᠤᠢᠢᠷ᠎ᠠ ᠳᠤ᠂ ᠬᠤᠰᠢᠭᠤᠨ ᠤ ᠡᠬᠡ ᠨᠢᠯᠬᠠᠰ ᠤᠨ ᠡᠷᠡᠭᠦᠯᠵᠢᠯ ᠪᠠ ᠲᠦᠯᠦᠪᠯᠡᠭᠡᠲᠦ ᠦᠷᠡᠵᠢᠯ ᠦᠨ ᠦᠢᠯᠡᠴᠢᠯᠡᠭᠡᠨ ᠦ ᠲᠦᠪ ᠦᠨ ᠬᠢᠨ ᠨᠡᠢᠭᠡᠮ ᠲᠤᠭᠤᠷᠢᠭ ᠲᠤ ᠡᠷᠡᠭᠦᠯ ᠴᠢᠬᠢᠷᠠᠭ ᠤᠨ ᠠᠯᠪᠠᠨ ᠵᠢᠷᠤᠮ ᠤᠨ ᠡᠮᠴᠢᠯᠡᠭᠡᠨ ᠤ ᠬᠦᠳᠡᠯᠭᠡᠭᠡᠨ ᠢ ᠦᠷᠨᠢᠭᠦᠯᠵᠦ ᠪᠠᠢᠨ᠎ᠠ᠃ ᠬᠦᠳᠡᠯᠭᠡᠭᠡᠨ ᠳᠦ ᠭᠤᠤᠯᠳᠠᠭᠤ᠂ ᠴᠤᠭᠯᠠᠷᠠᠭᠰᠠᠳ ᠲᠤ ᠡᠷᠡᠭᠦᠯ ᠴᠢᠬᠢᠷᠠᠭ ᠤᠨ ᠲᠦᠭᠦᠮ  ᠪᠠᠢᠢᠴᠠᠭᠠᠯᠲᠠ ᠬᠢᠬᠦ︔ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠦᠨᠳᠦᠷ ᠡᠪᠡᠳᠴᠢᠨ ᠦ ᠪᠠᠢᠳᠠᠯ ᠳᠤ ᠨᠢ ᠳᠤᠬᠢᠷᠠᠭᠤᠯᠵᠤ ᠵᠤᠬᠢᠰᠲᠠᠢ ᠢᠳᠡᠭᠡᠨ ᠤᠮᠳᠠᠭᠠᠨ ᠤ ᠵᠢᠯᠤᠭᠤᠳᠤᠯᠭ᠎ᠠ ᠬᠢᠬᠦ︔ ᠰᠡᠳᠭᠢᠴᠡ ᠶᠢᠨ ᠡᠷᠡᠭᠦᠯ ᠴᠢᠬᠢᠷᠠᠭ ᠤᠨ ᠵᠢᠯᠤᠭᠤᠳᠤᠯᠭ᠎ᠠ ᠬᠢᠬᠦ︔ ᠨᠠᠰᠤᠲᠠᠳ ᠤᠨ ᠦᠷᠬᠦᠯᠵᠢ ᠳᠤᠬᠢᠶᠠᠯᠳᠤᠳᠠᠭ ᠡᠪᠡᠳᠴᠢᠨ ᠢ ᠤᠷᠢᠳᠴᠢᠯᠠᠨ  ᠰᠡᠷᠭᠡᠢᠢᠯᠡᠬᠦ︔ ᠤᠭᠰᠠᠭ᠎ᠠ  ᠰᠠᠢᠢᠵᠢᠷᠠᠭᠤᠯᠬᠤ ᠡᠷᠡᠭᠦᠯ ᠴᠢᠬᠢᠷᠠᠭ ᠤᠨ ᠪᠠᠢᠴᠠᠭᠠᠯᠲᠠ ᠬᠢᠬᠦ ᠲᠤᠬᠠᠢ ᠤᠬᠠᠭᠤᠯᠬᠤ︔ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠤᠬᠠᠭᠤᠯᠬᠤ ᠵᠡᠷᠭᠡ ᠠᠭᠤᠯᠭ᠎ᠠ ᠶᠢ ᠪᠠᠭᠲᠠᠭᠠᠭᠰᠠᠨ ᠠᠯᠪᠠᠨ ᠵᠢᠷᠤᠮ ᠤᠨ ᠡᠮᠴᠢᠯᠡᠭᠡ ᠪᠠ ᠤᠬᠠᠭᠤᠯᠭ᠎ᠠ ᠶᠢᠨ ᠦᠢᠯᠡᠴᠢᠯᠡᠭᠡ ᠶᠢ ᠬᠦᠷᠲᠡᠭᠡᠵᠦ᠂ ᠦᠷᠭᠡᠨ ᠤᠯᠠᠨ ᠰᠠᠭᠤᠭᠠᠯᠢ ᠠᠷᠠᠳ ᠤᠨ ᠬᠦᠷᠢᠶᠡᠯᠡᠯ ᠢ ᠤᠯᠤᠭᠰᠠᠨ ᠪᠠᠢᠨ᠎ᠠ᠃

                                              ᠪᠠᠶᠠᠨᠵᠢᠷᠭᠠᠯ
ᠢᠷᠡᠯᠳᠡ᠄ ᠨᠠᠶᠢᠷᠠᠭᠤᠯᠤᠭᠴᠢ᠄ ᠳᠤᠯᠠᠭᠠᠨ