ᠨᠠᠢ᠌ᠮᠠᠨ ᠬᠤᠰᠢᠭᠤ 《 ᠡᠷᠡᠭᠦᠯ ᠡᠩᠬᠡ ᠳᠤᠮᠳᠠᠳᠤ ᠤᠯᠤᠰ ᠤᠨ ᠬᠦᠳᠡᠯᠭᠡᠭᠡᠨ》 ᠦ ᠡᠷᠡᠭᠦᠯ ᠡᠩᠬᠡ  ᠶᠢᠨ ᠮᠡᠳᠡᠯᠭᠡ ᠶᠢᠨ ᠠᠰᠠᠭᠤᠯᠲᠠ ᠬᠠᠷᠢᠭᠤᠯᠲᠠ ᠶᠢᠨ ᠬᠦᠳᠡᠯᠭᠡᠭᠡᠨ ᠢ ᠶᠠᠪᠤᠭᠳᠠᠭᠤᠯᠪᠠ

ᠣᠩᠰᠢᠭᠰᠠᠨ ᠤᠳᠠᠭ᠎ᠠ ᠄ 31     ᠨᠡᠶᠢᠳᠡᠯᠡᠭᠰᠡᠨ ᠴᠠᠭ ᠄ 2018/9/23 10:29:19

    ᠡᠷᠡᠭᠦᠯ ᠴᠢᠬᠢᠷᠠᠭ ᠢ ᠠᠬᠢᠭᠤᠯᠬᠤ ᠳᠠᠪᠰᠢᠩᠭᠤᠢ ᠤᠢᠢᠯᠭᠠᠭᠳᠠᠬᠤᠨ ᠢ ᠤᠯᠠᠮ ᠨᠢᠭᠡ ᠠᠯᠬᠤᠮ ᠤᠯᠠᠮᠵᠢᠯᠠᠵᠤ᠂ ᠡᠷᠡᠭᠦᠯ ᠡᠩᠬᠡ ᠠᠮᠢᠳᠤᠷᠠᠯ ᠤᠨ ᠬᠡᠯᠪᠡᠷᠢ ᠶᠢ ᠰᠠᠨᠠᠭᠠᠴᠢᠯᠠᠨ᠂ ᠤᠯᠠᠨ ᠲᠦᠮᠡᠨ ᠦ ᠡᠷᠡᠭᠦᠯ ᠴᠢᠬᠢᠷᠠᠭ ᠤᠨ ᠳᠠᠳᠬᠠᠯ ᠢ ᠳᠡᠭᠡᠭᠰᠢᠯᠡᠭᠦᠯᠬᠦ ᠶᠢᠨ ᠲᠦᠯᠦᠭᠡ᠂ ᠨᠠᠢ᠌ᠮᠠᠨ ᠬᠤᠰᠢᠭᠤᠨ ᠤ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠦᠨ ᠲᠤᠪᠴᠢᠶ᠎ᠠ ᠶᠢᠨ ᠬᠢᠨ᠂ ᠨᠠᠢ᠌ᠮᠠᠨ ᠤ 《 ᠨᠤᠭᠤᠨᠵᠠᠶᠠᠭ᠎ᠠ ᠰᠤᠶᠤᠯ ᠤᠨ  ᠨᠠᠢᠢᠷ》 ᠢ ᠠᠰᠢᠭᠯᠠᠵᠤ᠂ ᠡᠷᠡᠭᠦᠯ ᠡᠩᠬᠡ ᠶᠢᠨ ᠮᠡᠳᠡᠯᠭᠡ ᠶᠢᠨ ᠱᠠᠩᠨᠠᠯᠲᠤ ᠠᠰᠠᠭᠤᠯᠲᠠ ᠬᠠᠷᠢᠭᠤᠯᠲᠠ ᠶᠢᠨ ᠬᠦᠳᠡᠯᠭᠡᠭᠡᠨ ᠢ ᠦᠷᠨᠢᠭᠦᠯᠪᠡ᠃ ᠬᠦᠳᠡᠯᠭᠡᠭᠡᠨ ᠦ ᠬᠤᠭᠤᠴᠠᠭᠠᠨ ᠳᠤ ᠴᠤᠭᠯᠠᠷᠠᠭᠰᠠᠳ ᠠᠰᠠᠭᠤᠯᠲᠠ ᠬᠠᠷᠢᠭᠤᠯᠲᠠ ᠶᠢᠨ ᠬᠦᠳᠡᠯᠭᠡᠭᠡᠨ ᠳᠦ ᠢᠳᠡᠪᠬᠢᠯᠡᠨ ᠤᠷᠤᠯᠴᠠᠵᠤ᠂ ᠠᠯᠢ ᠤᠯᠠᠨ ᠰᠡᠳᠦᠪ ᠢ ᠵᠦᠪ ᠤᠨᠤᠪᠴᠢᠲᠠᠢ ᠬᠠᠷᠢᠭᠤᠯᠤᠭᠰᠠᠨ ᠪᠦᠭᠡᠳ ᠪᠠᠰᠠ ᠵᠢᠵᠢᠭ ᠱᠠᠩᠨᠠᠯ ᠤᠨ ᠡᠳ᠋ ᠢ ᠭᠠᠷᠲᠠᠭᠰᠠᠨ ᠪᠠᠢᠨ᠎ᠠ᠃ ᠡᠨᠡ ᠬᠦ ᠬᠦᠳᠡᠯᠭᠡᠭᠡᠨ  ᠨᠢ ᠦᠷᠭᠡᠨ ᠤᠯᠠᠨ ᠲᠦᠮᠡᠨ ᠳᠦ ᠡᠷᠡᠭᠦᠯ ᠡᠩᠬᠡ ᠶᠢᠨ ᠮᠡᠳᠡᠯᠭᠡ ᠶᠢ ᠤᠯᠠᠮᠵᠢᠯᠠᠨ᠂ ᠡᠷᠡᠭᠦᠯ ᠡᠩᠬᠡ ᠠᠮᠢᠳᠤᠷᠠᠯ ᠤᠨ ᠵᠠᠩ ᠳᠠᠳᠬᠠᠯ ᠢ ᠪᠣᠢ  ᠪᠤᠯᠭᠠᠵᠤ᠂ ᠡᠷᠡᠭᠦᠯ ᠡᠩᠬᠡ ᠲᠤᠮᠳᠠᠳᠤ ᠤᠯᠤᠰ ᠢ ᠪᠦᠲᠦᠭᠡᠨ ᠪᠠᠢᠭᠤᠯᠬᠤ ᠳᠤ ᠠᠬᠢᠭᠤᠯᠬᠤ ᠦᠢᠯᠡᠳᠦᠯ ᠦᠵᠡᠭᠦᠯᠬᠦ ᠶᠤᠮ᠃
    ᠡᠨᠡ ᠬᠦ ᠬᠦᠳᠡᠯᠭᠡᠭᠡᠨ ᠪᠤᠯ ᠵᠠᠰᠠᠭ ᠤᠨ ᠤᠷᠳᠤᠨ ᠢᠶᠠᠷ ᠤᠳᠤᠷᠢᠳᠤᠮᠵᠢ ᠪᠤᠯᠭᠠᠨ᠂ ᠡᠷᠡᠭᠦᠯ ᠬᠠᠮᠠᠭᠠᠯᠠᠯ᠂ ᠰᠤᠷᠭᠠᠨ ᠬᠦᠮᠦᠵᠢᠯ᠂ ᠡᠮᠡᠭᠳᠡᠢᠴᠦᠳ ᠦᠨ ᠬᠤᠯᠪᠤᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠬᠠᠮᠲᠤ ᠪᠡᠷ ᠤᠷᠤᠯᠴᠠᠭᠰᠠᠨ ᠡᠷᠡᠭᠦᠯ ᠡᠩᠬᠡ ᠶᠢᠨ ᠮᠡᠳᠡᠯᠭᠡ ᠶᠢ ᠤᠬᠠᠭᠤᠯᠵᠤ᠂ ᠡᠷᠡᠭᠦᠯ ᠡᠩᠬᠡ ᠲᠤᠮᠳᠠᠳᠤ ᠤᠯᠤᠰ ᠢ ᠪᠦᠲᠦᠭᠡᠨ  ᠪᠠᠢᠢᠭᠤᠯᠬᠤ  ᠤᠯᠠᠨ ᠲᠦᠮᠡᠨᠴᠢ ᠬᠦᠳᠡᠯᠭᠡᠭᠡᠨ ᠪᠤᠯᠤᠨ᠎ᠠ᠃

                                            ᠪᠠᠶᠠᠨᠵᠢᠷᠭᠠᠯ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ