ᠨᠠᠢᠮᠠᠨ ᠬᠤᠰᠢᠭᠤ ᠭᠠᠴᠠᠭ᠎ᠠ ᠲᠣᠰᠬᠤᠨ ᠤ ᠱᠠᠳᠤᠨ ᠤ ᠠᠷᠠᠣᠨᠴᠢᠯᠠᠯ ᠢᠶᠠᠷ ᠬᠢᠨᠠᠯᠲᠠ ᠲᠠᠯᠪᠢᠬᠤ ᠶ᠋ᠢ ᠴᠢᠨᠠᠬᠰᠢᠲᠠ ᠴᠢᠩᠭᠠᠣᠨᠬᠠᠵᠤ ᠪᠤᠢ

ᠣᠩᠰᠢᠭᠰᠠᠨ ᠤᠳᠠᠭ᠎ᠠ ᠄ 7110     ᠨᠡᠶᠢᠳᠡᠯᠡᠭᠰᠡᠨ ᠴᠠᠭ ᠄ 2018/9/24 10:46:58

     ᠨᠠᠢᠮᠠᠨ ᠬᠤᠰᠢᠭᠤᠨ ᠤ ᠠᠷᠠᠳ ᠤᠨ ᠶᠠᠪᠣᠳᠠᠯ ᠤᠨ ᠲᠣᠪᠴᠢᠶ᠎ᠠ ᠂ ᠳᠡᠭᠡᠳᠦ ᠱᠠᠳᠤᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶ᠋ᠢ ᠦᠨᠳᠦᠰᠦᠨ ᠱᠠᠳᠤᠨ ᠳ᠋ᠤ ᠤᠷᠳᠤᠣᠨᠬᠠᠬᠤ ᠶ᠋ᠢ ᠲᠦᠯᠬᠢᠨ ᠠᠬᠢᠭᠤᠯᠵᠤ ᠂ ᠥᠷᠭᠡᠨ ᠣᠯᠠᠨ ᠲᠦᠮᠡᠨ ᠦ ᠤᠶᠢᠯᠠᠭᠠᠨ ᠮᠡᠳᠡᠬᠦ ᠡᠷᠬᠡ ᠂ ᠣᠷᠤᠯᠴᠠᠬᠤ ᠡᠷᠬᠡ ᠪᠣᠯᠣᠨ ᠬᠢᠨᠠᠯᠲᠠ ᠲᠠᠯᠪᠢᠬᠤ ᠡᠷᠬᠡ ᠶ᠋ᠢ ᠲᠤᠶᠢᠯᠪᠤᠷᠢᠲᠠᠢ ᠪᠠᠳᠤᠯᠠᠬᠤ ᠶ᠋ᠢᠨ ᠲᠥᠯᠦᠭᠡ ᠲᠣᠰ ᠲᠣᠪᠴᠢᠶ᠎ᠠ  ᠤᠶᠢᠷ᠎ᠠ ᠳ᠋ᠤ ᠵᠠᠯᠭᠠᠪᠡᠷ ︿ ︿ ᠤᠯᠠᠮ ᠨᠢᠭᠡ ᠠᠯᠬᠤᠮ ᠭᠠᠴᠠᠭ᠎ᠠ ᠲᠣᠰᠬᠤᠨ ᠤ ᠶᠠᠪᠤᠳᠠᠯ ᠢ ᠢᠯᠡ ᠪᠣᠯᠭᠠᠬᠤ ᠠᠵᠢᠯ ᠢ ᠴᠢᠩᠭᠠᠣᠨᠬᠠᠬᠤ ᠲᠣᠬᠠᠢ ᠮᠡᠳᠡᠭᠳᠡᠯ ﹀ ﹀ ︿ ︿ ᠤᠯᠠᠮ ᠨᠢᠭᠡ ᠠᠯᠬᠤᠮ ᠭᠠᠴᠠᠭ᠎ᠠ ᠲᠣᠰᠬᠤᠨ ᠤ ᠱᠠᠳᠤᠨ ᠤ ᠠᠷᠠᠣᠨᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠴᠢᠩᠭᠠᠣᠨᠬᠠᠬᠤ ᠲᠣᠬᠠᠢ ᠮᠡᠳᠡᠭᠳᠡᠯ ﹀ ﹀ ᠵᠡᠷᠭᠡ  ᠪᠢᠴᠢᠭ ᠮᠠᠲ᠋ᠸᠷᠢᠶᠠᠯ ᠢ  ᠲᠠᠷᠬᠠᠭᠠᠵᠤ ᠂ ᠭᠠᠴᠠᠭ᠎ᠠ ᠲᠣᠰᠬᠤᠨ ᠤ ᠶᠠᠪᠤᠳᠠᠯ ᠢ ᠢᠯᠡ ᠪᠣᠯᠭᠠᠬᠤ ᠠᠭᠤᠯᠭ᠎ᠠ ᠂ ᠠᠷᠭ᠎ᠠ ᠬᠡᠯᠪᠡᠷᠢ ᠂ ᠠᠯᠬᠤᠮ ᠳᠠᠷᠠᠭ᠎ᠠ ᠂ ᠴᠠᠭ ᠬᠣᠭᠣᠴᠠᠭ᠎ᠠ ᠵᠡᠷᠭᠡ ᠲᠠᠯ᠎ᠠ ᠪᠠᠷ ᠪᠣᠳᠠᠲᠠᠢ ᠲᠥᠷᠢᠮᠵᠢᠭᠦᠯᠦᠨ ᠂ ᠡᠯ᠎ᠡ ᠭᠠᠴᠠᠭ᠎ᠠ ᠲᠣᠰᠬᠤᠨ ᠡᠷᠬᠡᠪᠰᠢ ᠤᠬᠠᠭᠤᠯᠭ᠎ᠠ ᠶ᠋ᠢᠨ ᠬᠡᠷᠡᠰᠬᠡ ᠭᠠᠷᠭᠠᠵᠤ ᠂ ᠡᠩ ᠵᠢᠷ ᠦᠨ ᠶᠠᠪᠤᠳᠠᠯ ᠢ ᠤᠯᠠᠷᠢᠯ ᠳ᠋ᠤ ᠨᠢᠭᠡ ᠤᠳᠠᠭ᠎ᠠ ᠢᠯᠡ ᠪᠣᠯᠭᠠᠬᠤ ᠂ ᠱᠠᠳᠤᠴᠢ ᠴᠢᠨᠠᠷᠲᠠᠢ ᠠᠵᠢᠯ ᠢ ᠳᠣᠬᠲᠠᠮᠠᠯ ᠬᠣᠭᠣᠴᠠᠭ᠎ᠠ ᠲᠠᠢ ᠢᠯᠡ ᠪᠣᠯᠭᠠᠬᠤ ᠂ ᠲᠦᠷ ᠴᠠᠭ ᠤᠨ ᠠᠵᠢᠯ ᠢ ᠴᠠᠭ ᠲᠣᠬᠠᠢ ᠳ᠋ᠦ᠋ᠨᠢ ᠢᠯᠡ ᠪᠣᠯᠭᠠᠬᠤ ᠶ᠋ᠢ ᠪᠠᠷᠢᠮᠲᠠᠯᠠᠵᠤ ᠪᠤᠢ ᠃ ᠬᠠᠮᠳᠤ ᠳ᠋ᠦ᠋ᠨᠢ ᠪᠦᠬᠦ ᠬᠤᠰᠢᠭᠤᠨ ᠤ ᠠᠷᠪᠠᠳᠤᠭᠠᠷ ᠬᠣᠭᠣᠴᠠᠭᠠᠨ ᠤ ᠭᠠᠴᠠᠭ᠎ᠠ ᠲᠣᠰᠬᠤᠨ ᠤ ᠵᠥᠪᠯᠡᠯ ᠦᠨ ᠬᠣᠭᠣᠴᠠᠭ᠎ᠠ ᠰᠣᠯᠢᠬᠤ ᠰᠤᠩᠭᠤᠭᠤᠯᠢ ᠶ᠋ᠢᠨ ᠠᠵᠢᠯ ᠲᠠᠢ ᠤᠶᠠᠯᠳᠤᠭᠤᠯᠤᠨ ᠪᠦᠬᠦ ᠬᠤᠰᠢᠭᠤᠨ ᠤ ᠭᠠᠴᠠᠭ᠎ᠠ ᠲᠣᠰᠬᠤᠨ  ᠴᠦᠮ ᠪᠦᠬᠦᠨ ᠭᠠᠴᠠᠭ᠎ᠠ ᠲᠣᠰᠬᠤᠨ ᠤ ᠶᠠᠪᠤᠳᠠᠯ ᠳ᠋ᠤ ᠬᠢᠨᠠᠯᠲᠠ ᠲᠠᠯᠪᠢᠬᠤ ᠵᠥᠪᠯᠡᠯ ᠢ ᠰᠣᠯᠢᠨ ᠰᠤᠩᠭᠤᠵᠤ ᠂ ᠲᠣᠰᠬᠤᠨ ᠤ ᠵᠥᠪᠯᠡᠯ ᠦᠨ ᠬᠢᠨᠠᠯᠲᠠ ᠲᠠᠯᠪᠢᠬᠤ ᠤᠶᠢᠯᠡᠳᠦᠯ ᠢ ᠭᠦᠢᠴᠡᠳ ᠪᠠᠳᠠᠷᠠᠭᠤᠯᠵᠤ ᠂ ᠭᠠᠴᠠᠭ᠎ᠠ ᠲᠣᠰᠬᠤᠨ ᠤ ᠶᠠᠪᠤᠳᠠᠯ ᠤᠨ ᠢᠯᠡ ᠪᠣᠯᠭᠠᠬᠤ ᠠᠵᠢᠯ  ᠳ᠋ᠤ ᠠᠷᠠᠣᠨᠴᠢᠯᠠᠯ ᠢᠶᠠᠷ ᠬᠢᠨᠠᠯᠲᠠ ᠲᠠᠯᠪᠢᠬᠤ ᠠᠵᠢᠯ ᠢᠶᠡᠨ ᠴᠢᠨᠠᠬᠰᠢᠲᠠ ᠴᠢᠩᠭᠠᠣᠨᠬᠠᠵᠤ  ᠪᠠᠶᠢᠨ᠎ᠠ ᠃             

                                                    ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ