ᠨᠠᠢᠮᠠᠨ ᠬᠤᠰᠢᠭᠤᠨ ᠤ 30 ᠡᠩᠨᠡᠭᠡ《 ᠠᠷᠠᠳ ᠤᠨ ᠤᠯᠠᠭᠠᠨᠮᠦ᠋ᠴᠢᠷ 》ᠪᠠᠶᠢᠭᠤᠯᠤᠭᠳᠠᠯ᠎ᠠ

ᠣᠩᠰᠢᠭᠰᠠᠨ ᠤᠳᠠᠭ᠎ᠠ ᠄ 2097     ᠨᠡᠶᠢᠳᠡᠯᠡᠭᠰᠡᠨ ᠴᠠᠭ ᠄ 2018/9/25 9:29:57

      ᠰᠢ ᠵᠢᠨ ᠫᠢᠩ ᠶᠠᠷᠤᠩᠬᠡᠢ ᠱᠦᠵᠢ ᠶ᠋ᠢᠨ ᠤᠯᠠᠭᠠᠨᠮᠦ᠋ᠴᠢᠷ ᠤᠨ ᠳᠤᠬᠠᠢ ᠴᠢᠬᠤᠯᠠ ᠵᠢᠭᠠᠪᠤᠷᠢ ᠶ᠋ᠢᠨ ᠵᠤᠷᠢᠭ ᠰᠠᠨᠠᠭ᠎ᠠ ᠶ᠋ᠢ  ᠤᠯᠠᠮ ᠨᠢᠭᠡ ᠠᠯᠬᠤᠮ ᠰᠤᠷᠤᠯᠴᠠᠨ ᠤᠬᠠᠭᠤᠯᠵᠤ ᠳᠤᠭᠤᠰᠢᠯᠠᠭᠤᠯᠤᠨ ᠂ ᠤᠯᠠᠭᠠᠨᠮᠦ᠋ᠴᠢᠷ ᠤᠨ ᠵᠤᠷᠢᠭ ᠰᠠᠨᠠᠭ᠎ᠠ  ᠪᠠ 《 ᠳᠠᠯ᠎ᠠ ᠨᠤᠳᠤᠭ ᠤᠨ ᠬᠤᠪᠢᠰᠬᠠᠯᠳᠤ ᠤᠳᠬ᠎ᠠ ᠤᠷᠠᠯᠢᠭ ᠤᠨ ᠬᠦᠩᠭᠡᠨ ᠮᠤᠷᠢᠳᠤ ᠴᠡᠷᠢᠭ 》 ᠤᠨ ᠦᠢᠯᠡᠳᠤᠯ ‍ᠢ ᠶᠠᠭᠡᠪᠠᠷ ᠪᠠᠳᠠᠷᠠᠭᠤᠯᠵᠦ ᠂ ᠨᠠᠶᠢᠭᠡᠮ ᠵᠢᠷᠤᠮᠳᠤ ᠦᠵᠡᠯ ᠦᠨ ᠤᠳᠬ᠎ᠠ ᠤᠷᠠᠯᠢᠭ ᠤᠨ ᠦᠢᠯᠡᠰ ᠢ ᠴᠡᠴᠡᠭᠯᠡᠬᠦᠯᠦᠨ ᠬᠦᠭᠵᠢᠬᠦᠯᠵᠦ ᠂ ᠰᠤᠶᠤᠯ ᠤᠨ ᠢᠳᠡᠭᠡᠯ ᠢ ᠪᠠᠳᠦ ᠪᠤᠯᠭᠠᠬᠤ ᠶ᠋ᠢᠨ ᠳᠦᠯᠦᠭᠡ ᠂ ᠳᠠᠰ ᠳᠠᠰ ᠤᠨ  ᠮᠡᠳᠡᠬᠦᠯᠳᠠ ᠂  ᠬᠢᠨᠠᠯᠳᠠ ᠪᠠ ᠰᠤᠩᠭᠤᠯᠳᠠ ᠪᠠᠷ ᠳᠠᠮᠵᠢᠨ ᠂  ᠪᠠᠶᠢᠰᠢᠩᠲᠤ ᠪᠠᠯᠭᠠᠰᠤᠨ ᠤ ᠪᠠᠶᠠᠨᠴᠠᠭᠠᠨ ᠦᠨᠳᠤᠰᠤᠳᠠᠨ ᠤ ᠳᠠᠭᠤᠤ ᠪᠦᠵᠢᠭ ᠦᠨ ᠤᠳᠬ᠎ᠠ ᠤᠷᠠᠯᠢᠭ ᠤᠨ ᠪᠦᠯᠬᠦᠮ ᠵᠡᠷᠭᠡ 30 ᠡᠩᠨᠡᠭᠡ ᠠᠷᠠᠳ ᠤᠨ ᠤᠯᠠᠭᠠᠨᠮᠦ᠋ᠴᠢᠷ ᠢ ᠰᠢᠯᠭᠠᠷᠠᠭᠤᠯᠵᠦ ᠂ ᠳᠤᠭ ᠤᠯᠭᠤᠭᠰᠠᠨ ᠪᠠᠶᠢᠨ᠎ᠠ ᠃ ᠡᠳᠡᠭᠡᠷ ᠠᠷᠠᠳ ᠤᠨ ᠤᠯᠠᠭᠠᠨᠮᠦ᠋ᠴᠢᠷ ᠬᠡᠰᠢᠬᠦᠨ ᠪᠦᠷᠢ ᠢᠮᠠᠭᠳᠠ ᠤᠷᠤᠭᠰᠢᠯᠠᠭᠰᠠᠨ ᠰᠤᠶᠤᠯ ᠤᠨ ᠬᠦᠭᠵᠢᠯᠳᠡ ᠶ᠋ᠢᠨ ᠴᠢᠭᠯᠡᠯ ᠢᠶ᠋ᠡᠷ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠳᠦᠮᠡᠨ ᠳ᠋ᠦ ᠦᠢᠯᠡᠴᠢᠯᠡᠵᠦ ᠂ ᠦᠨᠳᠤᠰᠤᠨ ᠱᠠᠳᠤᠨ ᠳ᠋ᠤ ᠬᠦᠨᠵᠡᠬᠡᠶᠢᠷᠡᠨ ᠂ ᠦᠵᠡᠭᠴᠢ ᠪᠦᠬᠦᠨ ᠦ ᠱᠠᠭᠰᠢᠯᠳᠠ ᠶ᠋ᠢ ᠬᠦᠷᠳᠡᠭᠰᠡᠨ ᠮᠠᠯᠴᠢᠨ ᠳᠠᠷᠢᠶᠠᠴᠢᠨ ᠤ ᠠᠮᠢᠳᠤᠷᠠᠯ ᠢ ᠳᠤᠰᠬᠠᠭᠰᠠᠨ ᠨᠢᠭᠡ ᠪᠦᠯᠦᠭ ᠰᠢᠯᠢᠳᠡᠭ ᠤᠷᠠᠨ ᠰᠠᠶᠢᠬᠠᠨ ᠤ ᠪᠦᠳᠦᠭᠡᠯ ᠢ ᠡᠬᠦᠳᠴᠤ ᠳᠤᠭᠯᠠᠨ  ᠂ ᠨᠠᠢᠮᠠᠨ ᠬᠤᠰᠢᠭᠤᠨ ᠤ ᠤᠳᠬ᠎ᠠ ᠤᠷᠠᠯᠢᠭ ᠤᠨ ᠹᠷᠤᠨᠲ ᠳᠡᠬᠢ ᠭᠡᠷᠡᠯ ᠰᠠᠴᠤᠷᠠᠭᠰᠠᠨ ᠨᠢᠭᠡᠨ ᠬᠡᠰᠡᠭ ᠳᠤᠭ ᠪᠤᠯᠵᠦ ᠨᠠᠮᠢᠷᠠᠬᠤ  ᠪᠤᠯᠤᠨ᠎ᠠ  ᠃

                                               

                                                             (  ᠪᠤᠤ ᠵᠢᠨ ᠯᠢᠶᠠᠨ )

ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ