ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠲᠣᠪᠴᠢᠶ᠎ᠠ ᠴᠠᠬᠳᠠᠭ᠎ᠠ ᠨᠠᠷ ᠲᠤ ᠨᠠᠮ ᠤᠨ ᠬᠠᠯᠠᠮᠵᠢ ᠶ᠋ᠢ ᠬᠦᠷᠭᠡᠨ ᠠᠵᠢᠯ ᠤᠨ ᠡᠷᠴᠢ ᠶ᠋ᠢ ᠨᠢ ᠬᠥᠭᠵᠢᠭᠡᠵᠦ ᠢᠯᠡᠦᠨᠲᠡ ᠦᠷ᠎ᠡ ᠠᠰᠢᠭ ᠣᠯᠵᠤ ᠪᠤᠢ

ᠣᠩᠰᠢᠭᠰᠠᠨ ᠤᠳᠠᠭ᠎ᠠ ᠄ 20     ᠨᠡᠶᠢᠳᠡᠯᠡᠭᠰᠡᠨ ᠴᠠᠭ ᠄ 2018/9/29 15:40:03

     ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠲᠣᠪᠴᠢᠶ᠎ᠠ ᠨᠠᠮ ᠤᠨ ᠬᠠᠶᠢᠷ᠎ᠠ ᠬᠠᠯᠠᠮᠵᠢ ᠶ᠋ᠢ ᠦᠨᠳᠦᠰᠦᠨ ᠱᠠᠳᠤᠨ ᠳ᠋ᠤ ᠬᠦᠷᠭᠡᠬᠦ ᠠᠵᠢᠯ ᠢ ᠴᠢᠩᠭ᠎ᠠ ᠠᠣᠨᠬᠤᠨ ᠪᠣᠳᠠᠲᠠᠢ ᠬᠢᠵᠦ ᠢᠯᠡᠦᠨᠲᠡ ᠦᠷ᠎ᠡ ᠠᠰᠢᠭ ᠣᠯᠵᠤ ᠪᠠᠶᠢᠨ᠎ᠠ ᠃
      ᠲᠣᠰ ᠲᠣᠪᠴᠢᠶ᠎ᠠ ᠨᠠᠮ ᠤᠨ ᠬᠠᠶᠢᠷ᠎ᠠ ᠬᠠᠯᠠᠮᠵᠢ ᠪᠠᠷ ᠴᠠᠬᠳᠠᠭ᠎ᠠ ᠨᠠᠷ ᠢ ᠬᠠᠷᠠᠭᠠᠯᠵᠠᠬᠤ ᠠᠵᠢᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ ᠂ ᠴᠠᠬᠳᠠᠭ᠎ᠠ ᠨᠠᠷ ᠢ ᠬᠠᠯᠠᠮᠵᠢᠯᠠᠨ ᠬᠠᠷᠠᠭᠠᠯᠵᠠᠬᠤ ᠠᠵᠢᠯ ᠢ ᠲᠥᠷᠢᠮᠵᠢᠭᠦᠯᠬᠦ ᠂ ᠬᠡᠪᠰᠢᠭᠦᠯᠬᠦ ᠂ ᠪᠠᠶᠢᠩᠭᠤᠴᠢᠯᠠᠬᠤ ᠲᠣᠬᠲᠠᠯᠴᠠᠭ᠎ᠠ ᠶ᠋ᠢ ᠪᠠᠶᠢᠭᠤᠯᠵᠤ ᠂ ᠬᠦᠮᠦᠨ ᠢ ᠬᠦᠮᠦᠵᠢᠭᠦᠯᠦᠨ ᠴᠢᠳᠠᠪᠤᠷᠢᠲᠠᠨ ᠪᠣᠯᠭᠠᠬᠤ  ᠂ ᠰᠡᠦᠨᠬᠢᠯ ᠢ ᠨᠢ ᠲᠠᠲᠠᠵᠤ ᠪᠡᠶ᠎ᠡ  ᠶ᠋ᠢ ᠨᠢ ᠦᠯᠡᠳᠡᠭᠡᠬᠦ  ᠴᠠᠬᠳᠠᠭᠠᠨ ᠤ ᠬᠤᠸᠠᠷᠠᠨ ᠢ ᠪᠠᠶᠢᠭᠤᠯᠵᠤ ᠪᠤᠢ ᠃ ᠦᠨᠳᠦᠰᠦᠨ ᠱᠠᠳᠤᠨ ᠤ ᠨᠢᠭᠡᠳᠦᠭᠡᠷ ᠹᠷᠤᠨᠲ ᠲᠠᠬᠢ ᠴᠠᠬᠳᠠᠭᠠᠨ ᠤ ᠬᠤᠪᠢ ᠬᠦᠮᠦᠨ ᠦ ᠡᠯ᠎ᠡ ᠵᠦᠢᠯ ᠦᠨ ᠬᠡᠷᠡᠭᠰᠡᠯ ᠲᠣᠨᠤᠬᠯᠠᠯ ᠢ ᠪᠠᠷᠢᠮᠵᠢᠶ᠎ᠠ ᠶᠣᠰᠤᠭᠠᠷ ᠪᠦᠷᠢᠨ ᠲᠦᠭᠡᠭᠡᠵᠦ ᠂ ᠠᠷᠠᠳ ᠤᠨ ᠴᠠᠬᠳᠠᠭᠠᠨ ᠤ ᠠᠵᠢᠯ ᠤᠨ ᠳᠣᠮᠳᠠᠬᠢ ᠬᠠᠤᠯᠢ ᠬᠡᠷᠡᠭᠵᠢᠭᠦᠯᠬᠦ ᠠᠮᠤᠷ ᠲᠥᠪᠰᠢᠨ ᠢ ᠪᠠᠳᠤᠯᠠᠵᠤ ᠪᠤᠢ ᠃ ᠪᠡᠶ᠎ᠡ ᠪᠠᠶᠢᠴᠠᠭᠠᠬᠤ ᠲᠥᠪ ᠂ ᠠᠮᠠᠷᠠᠨ ᠰᠡᠯᠡᠭᠦᠴᠡᠬᠦ ᠣᠷᠣᠨ ᠂ ᠣᠩᠰᠢᠯᠭ᠎ᠠ ᠶ᠋ᠢᠨ ᠥᠷᠦᠭᠡ ᠵᠡᠷᠭᠡ ᠶ᠋ᠢ ᠭᠠᠷᠭᠠᠵᠤ ᠂ ᠴᠠᠬᠳᠠᠭ᠎ᠠ ᠨᠠᠷ ᠤᠨ ᠲᠣᠬᠠᠶᠢᠯᠠᠬᠰᠠᠨ ᠠᠵᠢᠯ ᠤᠨ ᠶᠠᠳᠠᠷᠠᠭ᠎ᠠ ᠵᠦᠳᠡᠷᠡᠭᠡ ᠶ᠋ᠢ ᠨᠢ ᠲᠠᠶᠢᠯᠵᠤ ᠪᠤᠢ ᠃ ᠵᠢᠯ ᠪᠦᠷᠢ ᠨᠠᠮ ᠤᠨ ᠪᠠᠶᠢᠭᠤᠯᠤᠯᠲᠠ ᠶ᠋ᠢᠨ ᠠᠵᠢᠯ ᠤᠨ ᠲᠡᠷᠢᠭᠦᠨ ᠦ ᠬᠠᠮᠳᠤ ᠨᠡᠶᠢᠲᠡ ᠪᠠ ᠰᠢᠯᠢᠳᠡᠭ ᠨᠠᠮ ᠤᠨ ᠬᠡᠰᠢᠭᠦᠨ ᠰᠠᠶᠢᠨ ᠴᠠᠬᠳᠠᠭ᠎ᠠ ᠵᠡᠷᠭᠡ ᠶ᠋ᠢ ᠰᠢᠯᠭᠠᠷᠠᠭᠤᠯᠤᠨ ᠱᠠᠩᠨᠠᠵᠤ ᠪᠤᠢ ᠃  ᠠᠷᠠᠳ ᠤᠨ ᠴᠠᠬᠳᠠᠭ᠎ᠠ ᠶ᠋ᠢ ᠲᠣᠬᠣᠨᠢᠭᠤᠯᠬᠤ ᠬᠡᠪᠰᠢᠭᠰᠡᠨ ᠠᠵᠢᠯ ᠤᠨ ᠳᠣᠬᠳᠠᠴᠠ ᠶ᠋ᠢ ᠪᠠᠶᠢᠭᠤᠯᠵᠤ ᠂ ᠠᠷᠠᠳ ᠤᠨ ᠴᠠᠬᠳᠠᠭ᠎ᠠ ᠶ᠋ᠢᠨ ᠠᠮᠠᠷᠠᠯᠲᠠ ᠴᠢᠯᠦᠭᠡ ᠂ ᠪᠡᠶ᠎ᠡ ᠶ᠋ᠢᠨ ᠪᠠᠶᠢᠴᠠᠭᠠᠯᠲᠠ ᠬᠢᠬᠦ ᠲᠥᠷᠢᠮ ᠢ ᠨᠠᠶᠢᠳᠠᠪᠤᠷᠢᠵᠢᠭᠤᠯᠤᠨ ᠂ ᠭᠠᠷ ᠤᠲᠠᠰᠤ ᠂ ᠴᠠᠬᠢᠮ ᠮᠡᠳᠡᠭᠡ ᠂ ᠲᠣᠬᠣᠨᠢᠭᠤᠯᠬᠤ ᠪᠢᠴᠢᠭ ᠵᠡᠷᠭᠡ ᠠᠷᠭ᠎ᠠ ᠬᠡᠯᠪᠡᠷᠢ ᠪᠡᠷ ᠠᠷᠠᠳ ᠤᠨ ᠴᠠᠬᠳᠠᠭᠠᠨ ᠳ᠋ᠤ ᠲᠥᠷᠦᠭᠰᠡᠨ ᠡᠳᠥᠷ ᠦᠨ ᠪᠡᠯᠡᠭ ᠬᠦᠷᠭᠡᠵᠦ ᠂ ᠠᠵᠢᠯ ᠡᠴᠠ ᠪᠠᠨ ᠠᠮᠠᠷᠠᠬᠰᠠᠨ ᠪᠠ ᠶᠠᠳᠠᠭᠤ ᠬᠦᠴᠢᠷᠲᠡᠢ ᠴᠠᠬᠳᠠᠭ᠎ᠠ ᠶ᠋ᠢ ᠲᠣᠬᠣᠨᠢᠭᠤᠯᠤᠨ ᠂ ᠴᠠᠬᠳᠠᠭ᠎ᠠ ᠨᠠᠷ ᠤᠨ ᠪᠠᠶᠢᠭᠤᠯᠤᠯᠭ᠎ᠠ ᠨᠢᠭᠡᠴᠡ ᠳ᠋ᠡᠬᠡᠨ ᠬᠠᠷᠢᠶᠠᠯᠠᠬᠳᠠᠬᠤ ᠰᠡᠦᠨᠬᠢᠯᠭᠡ ᠶ᠋ᠢ ᠨᠢ ᠬᠥᠭᠵᠢᠭᠡᠨ ᠨᠡᠮᠡᠭᠳᠡᠬᠦᠯᠵᠦ ᠂ ᠪᠠᠶᠠᠷ ᠲᠠᠢ ᠠᠵᠢᠯᠯᠠᠵᠤ ᠵᠢᠷᠭᠠᠯ ᠲᠠᠢ ᠠᠮᠢᠳᠤᠷᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠠᠢ ᠃
      ᠨᠠᠢᠮᠠᠨ ᠲᠥᠷᠥᠯ ᠦᠨ ᠶᠡᠬᠡ ᠬᠡᠷᠡᠭ ᠢ ᠢᠯᠡᠷᠡᠭᠦᠯᠦᠭᠰᠡᠨ ᠨᠣᠷᠮ᠎ᠠ ᠵᠠᠭᠤᠨ ᠤ ᠵᠠᠭᠤ ᠳ᠋ᠤ ᠬᠦᠷᠴᠦ ᠂ ᠥᠷᠭᠡᠨ ᠣᠯᠠᠨ ᠲᠦᠮᠡᠨ ᠦ ᠣᠯᠵᠤ ᠬᠦᠷᠳᠡᠭᠰᠡᠨ ᠰᠡᠦᠨᠬᠢᠯᠭᠡ ᠪᠣᠯᠣᠨ ᠵᠣᠯ ᠵᠢᠷᠭᠠᠯᠲᠤ ᠰᠡᠦᠨᠬᠢᠯᠭᠡ ᠲᠣᠪᠤᠶᠢᠮ᠎ᠠ ᠳᠡᠭᠡᠭᠰᠢᠯᠡᠵᠦ ᠂ ᠳᠣᠳᠤᠭᠠᠳᠤ ᠶ᠋ᠢ ᠬᠠᠮᠠᠭᠠᠯᠠᠬᠤ ᠠᠵᠢᠯ ᠳ᠋ᠠᠬᠢ ᠣᠯᠠᠨ ᠲᠦᠮᠡᠨ ᠦ ᠬᠠᠨᠤᠮᠵᠢ ᠶ᠋ᠢᠨ ᠨᠤᠷᠮ᠎ᠠ ᠵᠠᠭᠤᠨ ᠤ ᠶᠢᠷᠡᠨ ᠨᠠᠢᠮᠠ ᠡᠴᠠ ᠳᠡᠭᠡᠭᠰᠢ ᠪᠣᠯᠵᠠᠢ ᠃ ᠤᠶᠢᠷ᠎ᠠ ᠶ᠋ᠢᠨ 3 ᠵᠢᠯ ᠳ᠋ᠦ ᠪᠦᠬᠦ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠪᠠᠶᠢᠭᠤᠯᠤᠯᠭ᠎ᠠ ᠶ᠋ᠢᠨ 90 ᠬᠠᠮᠳᠤ ᠨᠡᠶᠢᠲᠡ᠂ 255 ᠬᠤᠪᠢ ᠬᠦᠮᠦᠨ ᠳᠡᠭᠡᠳᠦ ᠱᠠᠳᠤᠨ ᠤ ᠡᠯ᠎ᠡ ᠲᠥᠷᠥᠯ ᠦᠨ ᠱᠠᠩᠨᠠᠯ ᠥᠨᠡᠮᠯᠡᠯ ᠢ ᠲᠣᠰᠴᠠᠢ ᠃  

                                                 ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠲᠤᠯᠠᠭᠠᠨ

ᠬᠠᠮᠢᠶ᠎ᠡ ᠪᠦᠬᠦᠢ ᠰᠣᠨᠢᠨ