ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠲᠣᠪᠴᠢᠶ᠎ᠠ ᠨᠠᠮ ᠤᠨ ᠪᠠᠶᠢᠭᠤᠯᠤᠯᠲᠠ ᠶ᠋ᠢᠨ ᠤᠬᠠᠭᠤᠯᠭ᠎ᠠ ᠪᠠᠨ ᠴᠢᠩᠭᠠᠣᠨᠬᠠᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ ᠪᠠᠶᠢᠨ᠎ᠠ

ᠣᠩᠰᠢᠭᠰᠠᠨ ᠤᠳᠠᠭ᠎ᠠ ᠄ 32868     ᠨᠡᠶᠢᠳᠡᠯᠡᠭᠰᠡᠨ ᠴᠠᠭ ᠄ 2018/9/30 8:20:10

       ᠤᠶᠢᠷ᠎ᠠ ᠶ᠋ᠢᠨ ᠵᠢᠯ ᠳ᠋ᠦ ᠂ ᠨᠠᠢᠮᠠᠨ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠲᠣᠪᠴᠢᠶ᠎ᠠ ᠨᠠᠮ ᠤᠨ ᠪᠠᠶᠢᠭᠤᠯᠤᠯᠲᠠ ᠶ᠋ᠢᠨ ᠠᠵᠢᠯ ᠤᠨ ᠤᠬᠠᠭᠤᠯᠭ᠎ᠠ ᠶ᠋ᠢ ᠴᠢᠩᠭ᠎ᠠ ᠠᠣᠨᠬᠤᠨ ᠰᠠᠶᠢᠳᠤᠷ  ᠬᠢᠬᠦ ᠶ᠋ᠢ ᠴᠠᠬᠳᠠᠭᠠᠨ ᠤ ᠡᠩᠨᠡᠭᠡ ᠪᠡᠨ ᠬᠦᠴᠦᠷᠬᠡᠭᠵᠢᠭᠦᠯᠦᠨ ᠮᠠᠨᠳᠤᠭᠤᠯᠬᠤ ᠠᠮᠢᠨ ᠰᠤᠳᠠᠰᠤ ᠪᠣᠯᠭᠠᠵᠤ ᠂ ᠰᠢ ᠵᠢᠨ ᠫᠢᠩ ᠶᠡᠷᠦᠩᠬᠡᠢ ᠱᠦᠵᠢ ᠶ᠋ᠢᠨ ︿ ︿ ᠳᠥᠷᠪᠡᠨ ᠦᠭᠦᠯᠡᠪᠦᠷᠢ ᠂ ᠠᠷᠪᠠᠨ ᠵᠢᠷᠭᠤᠭᠠᠨ ᠦᠰᠦᠭ ﹀ ﹀ ᠤᠨ ᠶᠡᠷᠦᠩᠬᠡᠢ ᠱᠠᠭᠠᠷᠳᠠᠯᠭ᠎ᠠ ᠪᠠᠷ ᠴᠠᠬᠳᠠᠭᠠᠨ ᠤ ᠡᠩᠨᠡᠭᠡᠨ ᠦ ᠪᠠᠶᠢᠭᠤᠯᠤᠯᠲᠠ ᠪᠠ ᠵᠠᠰᠠᠯᠲᠠ ᠶ᠋ᠢᠨ ᠶᠡᠷᠦᠩᠬᠡᠢ ᠠᠷᠭ᠎ᠠ ᠪᠣᠳᠤᠯᠭ᠎ᠠ ᠪᠣᠯᠭᠠᠨ ᠬᠡᠪ ᠰᠤᠷᠲᠠᠯ ᠢᠶᠡᠨ ᠳᠠᠰᠤᠷᠠᠯᠲᠠ ᠦᠭᠡᠢ ᠰᠠᠶᠢᠵᠢᠷᠠᠭᠤᠯᠤᠨ ᠢᠯᠡᠦᠨᠲᠡ ᠰᠠᠶᠢᠨ ᠦᠷ᠎ᠡ ᠪᠦᠳᠦᠮᠵᠢ ᠣᠯᠵᠤ ᠪᠠᠶᠢᠨ᠎ᠠ ᠃
       ᠲᠣᠰ ᠲᠣᠪᠴᠢᠶ᠎ᠠ ᠨᠠᠮ ᠤᠨ ᠪᠠᠶᠢᠭᠤᠯᠤᠯᠲᠠ ᠶ᠋ᠢᠨ ᠤᠬᠠᠭᠤᠯᠭ᠎ᠠ ᠪᠠᠨ ᠴᠢᠩᠭᠠᠣᠨᠬᠠᠨ ᠭᠣᠤᠯ ᠵᠣᠷᠢᠭ ᠰᠠᠨᠠᠭ᠎ᠠ ᠶ᠋ᠢ ᠪᠠᠳᠠᠷᠠᠭᠤᠯᠤᠨ ᠮᠠᠨᠳᠤᠭᠤᠯᠵᠤ ᠵᠥᠪ ᠡᠨ᠋ᠸᠷᠭᠢ ᠶ᠋ᠢ ᠤᠯᠠᠮᠵᠢᠯᠠᠵᠤ ᠪᠤᠢ ᠃ ᠰᠣᠨᠢᠨ ᠮᠡᠳᠡᠭᠡ ᠶ᠋ᠢᠨ ᠤᠬᠠᠭᠤᠯᠭ᠎ᠠ ᠶ᠋ᠢᠨ ᠲᠥᠪ ᠪᠠᠶᠢᠭᠤᠯᠤᠨ ᠪᠦᠬᠦ ᠬᠤᠰᠢᠭᠤᠨ ᠤ ᠬᠡᠪᠴᠢᠶᠡᠨ ᠳ᠋ᠦ ᠶᠡᠬᠡ ᠤᠬᠠᠭᠤᠯᠭ᠎ᠠ ᠶ᠋ᠢᠨ ᠠᠵᠢᠯ ᠤᠨ ᠪᠠᠶᠢᠷᠢᠯᠠᠭᠤᠯᠤᠯᠲᠠ ᠶ᠋ᠢ ᠪᠦᠷᠬᠦᠭᠦᠯᠵᠦ ᠂ ᠥᠪᠡᠷᠲᠡᠭᠡᠨ ᠵᠠᠰᠠᠬᠤ ᠣᠷᠣᠨ ᠤ ᠳᠣᠳᠤᠭᠠᠳᠤ ᠶ᠋ᠢ ᠬᠠᠮᠠᠭᠠᠯᠠᠬᠤ ᠲᠢᠩᠬᠢᠮ ᠡᠴᠡ 2017 ᠣᠨ ᠤ ᠪᠦᠬᠦ ᠣᠷᠣᠨ ᠤ ᠳᠣᠳᠤᠭᠠᠳᠤ ᠶ᠋ᠢ ᠬᠠᠮᠠᠭᠠᠯᠠᠬᠤ ᠪᠠᠶᠢᠭᠤᠯᠤᠯᠭ᠎ᠠ ᠶ᠋ᠢᠨ ᠤᠬᠠᠭᠤᠯᠬᠤ ᠠᠵᠢᠯ ᠤᠨ ᠲᠡᠷᠢᠭᠦᠨ ᠦ ᠬᠠᠮᠳᠤ ᠨᠡᠶᠢᠲᠡ ᠪᠡᠷ ᠦᠨᠡᠯᠡᠨ ᠬᠥᠬᠢᠭᠦᠯᠵᠡᠢ ᠃ ᠱᠣᠣ ᠪᠢᠩ ᠦᠨ ᠲᠡᠷᠢᠭᠦᠨ ᠦ ᠤᠶᠢᠯᠡ ᠠᠵᠢᠯᠯᠠᠭ᠎ᠠ ᠶ᠋ᠢᠨ ᠮᠡᠳᠡᠭᠦᠯᠦᠯᠲᠡ ᠶ᠋ᠢᠨ ᠬᠤᠷᠠᠯ ᠬᠢᠵᠦ ᠂ ᠪᠦᠬᠦ ᠬᠤᠰᠢᠭᠤᠨ ᠤ ᠳᠣᠳᠤᠭᠠᠳᠤ ᠶ᠋ᠢ ᠬᠠᠮᠠᠭᠠᠯᠠᠬᠤ ᠪᠠᠶᠢᠭᠤᠯᠤᠯᠭ᠎ᠠ ᠶ᠋ᠢᠨ ᠠᠩᠬᠠᠳᠤᠭᠠᠷ  ᠬᠣᠭᠣᠴᠠᠭᠠᠨ ᠤ ︿ ︿ ᠠᠷᠪᠠᠨ ᠣᠬᠢ ᠰᠠᠶᠢᠨ ᠠᠷᠠᠳ ᠤᠨ ᠴᠠᠬᠳᠠᠭ᠎ᠠ ﹀ ﹀ ᠶ᠋ᠢ ᠰᠢᠯᠭᠠᠷᠠᠭᠤᠯᠤᠨ ᠱᠠᠩᠨᠠᠨ ᠬᠥᠬᠢᠭᠦᠯᠬᠦ ᠶᠣᠰᠤᠯᠠᠯ ᠶᠠᠪᠤᠭᠤᠯᠵᠠᠢ ᠃ ᠪᠦᠬᠦ ᠤᠯᠤᠰ ᠤᠨ ᠳᠣᠳᠤᠭᠠᠳᠤ ᠶ᠋ᠢ ᠬᠠᠮᠠᠭᠠᠯᠠᠬᠤ ᠰᠢᠰᠲ᠋ᠧᠮ ᠦᠨ ᠨᠢᠭᠡᠳᠦᠭᠡᠷ ᠲᠡᠰ ᠦᠨ ᠪᠠᠭᠠᠳᠤᠷ ᠵᠢᠱᠢᠶᠡᠴᠢ ᠱᠣᠣ ᠪᠢᠩ ᠂ ᠪᠦᠬᠦ ᠤᠯᠤᠰ ᠤᠨ ᠦᠨᠳᠦᠰᠦᠲᠡᠨ ᠦ ᠪᠦᠯᠭᠦᠮᠳᠡᠯ ᠳᠠᠪᠰᠢᠯᠲᠠ ᠶ᠋ᠢᠨ ᠵᠢᠱᠢᠶᠡᠴᠢ ᠬᠤᠪᠢ  ᠬᠦᠮᠦᠨ ᠮᠥᠩᠬᠡ ( ᠤᠣᠯ ᠨᠡᠷ᠎ᠡ ᠨᠢ ᠮᠥᠩᠭᠦᠨᠪᠠᠶᠠᠷ ᠂ ᠬᠦᠮᠦᠰ ᠮᠥᠩᠬᠡᠪᠠᠶᠠᠷ ᠭᠡᠵᠦ ᠪᠢᠴᠢᠳᠡᠭ ᠪᠠ ᠮᠥᠩᠬᠡ ᠭᠡᠵᠦ ᠲᠥᠭᠦᠮᠴᠢᠯᠡᠨ ᠳᠠᠭᠤᠳᠠᠳᠠᠭ ᠮᠥᠩᠬᠡ ᠠᠶᠢᠯ ᠨᠤᠲᠤᠭ ᠲᠠᠢ ) ᠂ ᠲᠥᠩᠯᠢᠶᠣᠤ ᠶ᠋ᠢᠨ ᠰᠠᠶᠢᠨ ᠬᠦᠮᠦᠨ ᠵᠠᠩ ᠰᠢᠶᠣᠤ ᠹᠸᠢ  ᠵᠡᠷᠭᠡ ᠨᠢᠭᠡ ᠪᠦᠯᠦᠭ ᠲᠡᠷᠢᠭᠦᠨ ᠦ ᠨᠡᠶᠢᠲᠡᠯᠢᠭ ᠵᠢᠱᠢᠶᠡᠨ ᠦ ᠠᠷᠠᠳ ᠤᠨ ᠴᠠᠬᠳᠠᠭ᠎ᠠ ᠴᠣᠯᠭᠤᠷᠠᠨ ᠭᠠᠷᠴᠠᠢ ᠃ ᠶᠡᠬᠡ ᠪᠦᠯᠦᠭ ᠠᠷᠠᠳ ᠤᠨ ᠴᠠᠬᠳᠠᠭᠠᠨ ᠤ ᠠᠷᠠᠳ ᠢᠶᠡᠨ ᠬᠠᠶᠢᠷᠠᠯᠠᠨ ᠠᠪᠤᠷᠠᠵᠤ ᠬᠠᠪᠰᠤᠷᠤᠨ ᠳᠡᠦᠨᠬᠦᠭᠰᠡᠨ ᠨᠡᠶᠢᠲᠡᠯᠢᠭ ᠵᠢᠱᠢᠶ᠎ᠡ ᠶ᠋ᠢᠨ ᠤᠶᠢᠯᠡ ᠠᠵᠢᠯᠯᠠᠭ᠎ᠠ ᠨᠢ ᠨᠡᠶᠢᠭᠡᠮ ᠳᠡᠭᠡᠷ᠎ᠡ ᠨᠥᠯᠦᠭᠡ ᠲᠤᠰᠬᠠᠯ ᠶᠡᠬᠡ ᠰᠠᠶᠢᠨ ᠪᠠᠶᠢᠵᠤ ᠴᠠᠬᠳᠠᠭ᠎ᠠ ᠨᠠᠷ ᠤᠨ ᠲᠣᠬᠠᠶᠢᠯᠠᠬᠰᠠᠨ ᠠᠵᠢᠯ ᠢᠶᠡᠨ ᠵᠥᠪᠰᠢᠶᠡᠷᠡᠬᠦ ᠰᠡᠦᠨᠬᠢᠯᠭᠡ  ᠵᠢᠴᠢ ᠢᠷᠠᠭᠤ ᠠᠯᠳᠠᠷᠳᠤ ᠰᠡᠦᠨᠬᠢᠯᠭᠡ ᠪᠣᠯᠣᠨ ᠣᠮᠣᠭ ᠪᠠᠬᠠᠳᠤᠯᠲᠤ ᠰᠡᠦᠨᠬᠢᠯᠭᠡ ᠨᠢ ᠨᠡᠩ ᠬᠥᠭᠵᠢᠨ ᠨᠡᠮᠡᠭᠳᠡᠵᠦ ᠠᠵᠢᠯ ᠤᠨ ᠡᠷᠴᠢ ᠨᠢ ᠴᠢᠩᠭᠠᠷᠠᠵᠠᠢ ᠃ ︿ ︿ ᠨᠠᠮ ᠤᠨ ᠪᠠᠶᠢᠭᠤᠯᠤᠯᠲᠠ ᠰᠣᠶᠣᠯ ᠢᠶᠡᠨ ᠪᠠᠳᠠᠷᠠᠭᠤᠯᠤᠨ ᠮᠠᠨᠳᠤᠭᠤᠯᠵᠤ ᠂ ᠴᠠᠬᠳᠠᠭᠠᠨ ᠤ ᠰᠦᠯᠲᠡ ᠳ᠋ᠡᠬᠡᠨ ᠥᠨᠢᠳᠡ ᠦᠨᠡᠨᠴᠢ ᠪᠠᠶᠢᠬᠤ ﹀ ﹀ ᠭᠣᠤᠯ ᠰᠡᠳᠦᠪᠳᠦ ᠨᠠᠮ ᠤᠨ ᠪᠠᠶᠢᠭᠤᠯᠤᠯᠲᠠ ᠰᠣᠶᠣᠯ ᠤᠨ ᠠᠭᠤᠳᠠᠮ ᠲᠠᠯᠠᠪᠠᠢ ᠪᠠᠶᠢᠭᠤᠯᠵᠤ ᠦᠵᠡᠮᠵᠢ ᠂ ᠭᠦᠳᠦᠭᠦᠷ ᠰᠡᠶᠢᠯᠦᠮᠡᠯ ᠂ ᠢᠯᠡ ᠫᠠᠶᠢᠰᠠ ᠂ ᠰᠣᠶᠣᠯ ᠤᠨ ᠬᠠᠨ᠎ᠠ ᠪᠠᠷ ᠠᠴᠢᠶᠠᠪᠤᠷᠢ ᠪᠣᠯᠭᠠᠵᠤ ᠨᠡᠶᠢᠭᠡᠮ  ᠵᠢᠷᠤᠮ ᠤᠨ ᠭᠣᠤᠯᠯᠠᠬᠴᠢ ᠥᠷᠲᠡᠭ ᠦᠨ ᠦᠵᠡᠯᠲᠡ ᠪᠠ ᠠᠷᠠᠳ ᠤᠨ ᠴᠠᠬᠳᠠᠭᠠᠨ ᠤ ᠭᠣᠤᠯᠯᠠᠬᠴᠢ ᠥᠷᠲᠡᠭ ᠦᠨ ᠦᠵᠡᠯᠲᠡ ᠶ᠋ᠢ ᠲᠥᠪᠯᠡᠷᠡᠩᠭᠦᠢ ᠢᠯᠡᠷᠡᠭᠦᠯᠦᠨ ᠂ ᠨᠠᠮ ᠳ᠋ᠠᠭᠠᠨ ᠲᠥᠰᠢᠭ ᠠᠷᠠᠳ ᠲᠠᠭᠠᠨ ᠰᠢᠳᠤᠷᠭᠤ ᠤᠶᠢᠯᠡ ᠰᠡᠦᠨᠬᠢᠯᠭᠡ ᠶ᠋ᠢ ᠨᠢ  ᠢᠯᠡᠦᠨᠬᠡᠨ ᠬᠦᠮᠦᠵᠢᠯ ᠬᠦᠷᠲᠡᠬᠡᠵᠡᠢ ᠃ ᠳᠣᠳᠤᠭᠠᠳᠤ ᠶ᠋ᠢ ᠬᠠᠮᠠᠭᠠᠯᠠᠬᠤ ᠨᠠᠮ ᠤᠨ ᠪᠠᠶᠢᠭᠤᠯᠤᠯᠲᠠ ᠰᠣᠶᠣᠯ ᠤᠨ ᠰᠠᠭᠤᠷᠢᠨ ᠭᠠᠵᠠᠷ ᠂ ᠨᠠᠮ ᠤᠨ ᠪᠠᠶᠢᠭᠤᠯᠤᠯᠲᠠ ᠰᠣᠶᠣᠯ ᠤᠨ ᠤᠷᠳᠤ ᠬᠣᠩᠭᠢᠯ ᠵᠡᠷᠭᠡ ᠠᠵᠢᠯᠯᠠᠭᠠᠨ ᠤ ᠲᠠᠯᠠᠪᠤᠷ ᠪᠠᠶᠢᠭᠤᠯᠵᠤ ᠂ ᠨᠠᠮ ᠤᠨ ᠪᠠᠶᠢᠭᠤᠯᠤᠯᠲᠠ ᠶ᠋ᠢᠨ ᠣᠢ ᠂ ᠰᠣᠶᠣᠯ ᠤᠨ ᠴᠢᠯᠠᠭᠤ ᠵᠡᠷᠭᠡ ᠳᠣᠳᠤᠭᠠᠳᠤ ᠶ᠋ᠢ ᠬᠠᠮᠠᠭᠠᠯᠠᠬᠤ ᠣᠨᠴᠠᠯᠢᠬᠳᠣ ᠰᠣᠶᠣᠯ ᠤᠨ ᠦᠵᠡᠮᠵᠢ ᠶ᠋ᠢ ᠪᠦᠳᠦᠭᠡᠨ ᠪᠠᠶᠢᠭᠤᠯᠵᠤ ᠂ ᠴᠠᠬᠳᠠᠭ᠎ᠠ ᠳᠠᠷᠤᠭ᠎ᠠ ᠶ᠋ᠢᠨ ᠤᠷᠠᠯᠢᠭ ᠤᠨ ᠪᠦᠯᠭᠦᠮ ᠂ ᠴᠠᠬᠳᠠᠭ᠎ᠠ ᠠᠷᠠᠳ ᠤᠨ ᠬᠠᠶᠢᠷ᠎ᠠ ᠪᠢᠯᠬᠠᠮ᠎ᠠ ᠤᠷᠠᠯᠢᠭ ᠤᠨ ᠪᠦᠯᠭᠦᠮ  ᠪᠠ ᠨᠠᠢᠮᠠᠨ ᠤ ᠳᠣᠳᠤᠭᠠᠳᠤ ᠶ᠋ᠢ ᠬᠠᠮᠠᠭᠠᠯᠠᠬᠤ ᠣᠤᠨᠬ᠎ᠠ ᠤᠷᠠᠯᠢᠭ ᠤᠨ ᠬᠣᠯᠪᠤᠭ᠎ᠠ ᠪᠠᠶᠢᠭᠤᠯᠵᠤ ᠂ ᠨᠠᠮ ᠤᠨ ᠪᠠᠶᠢᠭᠤᠯᠤᠯᠲᠠ ᠰᠣᠶᠣᠯ ᠤᠨ ᠪᠠᠶᠢᠭᠤᠯᠤᠯᠲᠠ ᠳ᠋ᠤ ᠬᠦᠴᠦᠨ ᠢᠶ᠋ᠡᠨ ᠡᠷᠭᠦᠨ ᠤᠶᠢᠯᠡᠴᠢᠯᠡᠨ ᠠᠬᠢᠭᠤᠯᠵᠤ ᠪᠤᠢ ᠃ ᠨᠠᠮ ᠤᠨ ᠬᠡᠰᠢᠭᠦᠨ ᠠᠷᠠᠳ ᠤᠨ ᠴᠠᠬᠳᠠᠭᠠᠨ ᠤ ᠥᠪᠡᠰᠦᠪᠡᠨ ᠵᠣᠬᠢᠶᠠᠬᠰᠠᠨ ᠬᠣᠯᠪᠤᠭ᠎ᠠ ︿ ︿ ᠠᠷᠪᠠ ᠶᠢᠰᠦᠳᠦᠭᠡᠷ ᠶᠡᠬᠡ ᠬᠤᠷᠠᠯ ᠤᠨ ᠵᠣᠷᠢᠭ ᠰᠠᠨᠠᠭ᠎ᠠ ᠲᠠᠯ᠎ᠠ ᠨᠤᠲᠤᠭ ᠲᠤ ᠣᠯᠠᠮᠵᠢᠯᠠᠬᠳᠠᠯ᠎ᠠ ﹀ ﹀ ᠵᠡᠷᠭᠡ ᠤᠷᠠᠯᠢᠭ ᠤᠨ ᠪᠦᠳᠦᠭᠡᠯ ᠨᠢ ᠲᠦᠮᠡᠨ ᠦ ᠲᠠᠭᠠᠰᠢᠶᠠᠯ ᠢ ᠣᠯᠵᠤ ᠂ ︿ ︿ ᠤᠭ ᠰᠠᠨᠠᠭ᠎ᠠ ᠪᠠᠨ ᠥᠯᠥ ᠮᠠᠷᠲᠠᠨ ᠨᠠᠮ ᠢᠶᠡᠨ ᠳᠠᠭᠠᠵᠤ ᠤᠷᠤᠬᠰᠢᠯᠠᠨ᠎ᠠ ᠂ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠵᠦ ᠠᠷᠠᠳ ᠲᠦᠮᠡᠨ ᠳ᠋ᠦ ᠤᠶᠢᠯᠡᠴᠢᠯᠡᠨ᠎ᠡ ﹀ ﹀ ᠭᠡᠰᠡᠨ ᠭᠣᠤᠯ ᠰᠡᠳᠦᠪᠳᠦ ᠦᠳᠡᠰᠢᠯᠡᠭᠡ ᠵᠡᠷᠭᠡ ᠣᠯᠠᠨ ᠲᠠᠯᠠᠪᠠᠢ ᠤᠷᠠᠯᠢᠭ ᠤᠨ ᠲᠣᠬᠯᠠᠯᠲᠠ ᠭᠠᠷᠭᠠᠵᠤ ᠂ ᠠᠷᠠᠳ ᠴᠠᠬᠳᠠᠭᠠᠨ ᠤ ᠠᠵᠢᠯ ᠤᠨ ᠴᠢᠯᠦᠭᠡᠨ ᠦ ᠰᠣᠶᠣᠯ ᠤᠨ ᠠᠮᠢᠳᠤᠷᠠᠯ ᠢ ᠨᠢ ᠪᠠᠶᠠᠯᠢᠬᠵᠢᠭᠤᠯᠵᠤ ᠴᠣᠭ ᠰᠦᠯᠲᠡ ᠶ᠋ᠢ ᠨᠢ ᠬᠥᠭᠵᠢᠭᠡᠨ ᠨᠠᠢᠮᠠᠨ ᠬᠤᠰᠢᠭᠤᠨ ᠤ ᠠᠷᠠᠳ ᠤᠨ ᠴᠠᠬᠳᠠᠭ᠎ᠠ ᠨᠠᠷ ᠤᠨ  ᠰᠠᠶᠢᠨ ᠰᠠᠶᠢᠬᠠᠨ ᠲᠥᠷᠢ ᠲᠥᠷᠬᠦ ᠶ᠋ᠢ ᠱᠤᠭᠤᠵᠠᠢ ᠃ ᠣᠨᠣᠪᠴᠢᠲᠠᠢ ᠪᠠᠷ ᠶᠠᠳᠠᠭᠤ ᠶ᠋ᠢ ᠳᠡᠦᠨᠬᠦᠬᠦ ᠶ᠋ᠢ ᠭᠦᠨᠵᠡᠭᠡᠢ ᠥᠷᠨᠢᠭᠦᠯᠦᠨ ᠠᠷᠠᠳ ᠢᠶᠡᠨ ᠬᠠᠶᠢᠷᠠᠯᠠᠨ ᠴᠠᠬᠳᠠᠭ᠎ᠠ ᠪᠠᠨ ᠬᠦᠷᠢᠶᠡᠯᠡᠬᠦ ᠠᠭᠤᠷ ᠠᠮᠢᠰᠬᠤᠯ ᠨᠡᠩ ᠵᠤᠵᠠᠭᠠᠨ ᠪᠣᠯᠵᠤ ︿ ︿ ᠴᠠᠬᠳᠠᠭ᠎ᠠ ᠠᠷᠠᠳ ᠤᠨ ᠬᠠᠷᠢᠴᠠᠭ᠎ᠠ  ᠤᠯᠠᠮ ᠡᠶ᠎ᠡ ᠵᠣᠬᠢᠴᠠᠩᠭᠤᠢ ᠪᠣᠯᠪᠠ ﹀ ﹀ ᠭᠡᠵᠦ ᠨᠠᠢᠮᠠᠨ ᠬᠤᠰᠢᠭᠤᠨ ᠤ 2018 ᠣᠨ ᠤ ᠵᠠᠰᠠᠭ ᠤᠨ ᠣᠷᠳᠤᠨ ᠤ ᠠᠵᠢᠯ ᠤᠨ ᠢᠯᠡᠦᠨᠬᠡᠯ ᠳ᠋ᠦ ᠣᠷᠤᠬᠰᠠᠨ ᠪᠠᠶᠢᠨ᠎ᠠ ᠃ 2017 ᠣᠨ ᠤ 12 ᠰᠠᠷ᠎ᠠ ᠳ᠋ᠤ ᠳᠣᠳᠤᠭᠠᠳᠤ ᠶ᠋ᠢ ᠬᠠᠮᠠᠭᠠᠯᠠᠬᠤ ᠶᠠᠮᠤᠨ ᠡᠴᠠ ᠪᠦᠬᠦ  ᠣᠷᠣᠨ ᠤ ᠴᠣᠷ ᠤᠨ ᠭᠠᠬᠴᠡ ᠨᠢᠭᠡᠨ ︿ ︿ ᠪᠦᠬᠦ ᠤᠯᠤᠰ ᠤᠨ ᠦᠨᠳᠦᠰᠦᠨ ᠱᠠᠳᠤᠨ ᠤ ᠳᠣᠳᠤᠭᠠᠳᠤ ᠶ᠋ᠢ ᠬᠠᠮᠠᠭᠠᠯᠠᠬᠤ ᠰᠣᠶᠣᠯ ᠤᠨ ᠠᠵᠢᠯ ᠤᠨ ᠵᠢᠱᠢᠶ᠎ᠡ ᠦᠵᠡᠭᠦᠯᠬᠦ ᠴᠡᠭ ﹀ ﹀ ᠪᠡᠷ ᠥᠨᠡᠯᠡᠭᠳᠡᠭᠰᠡᠨ ᠪᠠᠶᠢᠨ᠎ᠠ ᠃

                                           ( ᠪᠤᠶᠠᠨᠴᠤᠬᠯᠠ )
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ