ᠮᠠᠨ ᠤ ᠬᠤᠰᠢᠭᠤᠨ ᠤ ᠬᠤᠶᠠᠷ ᠡᠷᠡᠭᠦᠯ ᠬᠠᠮᠠᠭᠠᠯᠠᠯ ᠤᠨ ᠬᠤᠷᠢᠶᠠᠨ ᠤ ᠬᠤᠷᠢᠶᠠᠨ ᠳᠠᠷᠤᠭ᠎ᠠ 《 ᠪᠦᠬᠦ ᠤᠯᠤᠰ ᠤᠨ ᠰᠢᠯᠢᠳᠡᠭ ᠡᠷᠡᠭᠦᠯ ᠬᠠᠮᠠᠭᠠᠯᠠᠯ ᠤᠨ ᠬᠤᠷᠢᠶᠠᠨ ᠳᠠᠷᠤᠭ᠎ᠠ》 ᠶᠢᠨ ᠢᠷᠠᠭᠤ ᠠᠯᠳᠠᠷ ᠢ ᠬᠦᠷᠲᠡᠪᠡ

ᠣᠩᠰᠢᠭᠰᠠᠨ ᠤᠳᠠᠭ᠎ᠠ ᠄ 2298     ᠨᠡᠶᠢᠳᠡᠯᠡᠭᠰᠡᠨ ᠴᠠᠭ ᠄ 2018/9/30 8:28:02

      ᠵᠢᠷᠭᠤᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠡᠷᠡᠭᠦᠯ ᠬᠠᠮᠠᠭᠠᠯᠠᠯ ᠤᠨ ᠶᠡᠬᠡ ᠬᠤᠷᠠᠯ ᠵᠢᠴᠢ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠳᠠᠷᠤᠭ᠎ᠠ ᠶᠢᠨ ᠵᠢᠯ ᠦᠨ ᠬᠤᠷᠠᠯ ᠬᠤᠪᠧᠢ ᠮᠤᠵᠢ ᠶᠢᠨ ᠢ ᠴᠠᠩ ᠬᠤᠲᠠᠨ ᠳᠤ ᠶᠠᠪᠤᠭᠳᠠᠪᠠ᠃ ᠬᠤᠷᠠᠯ ᠳᠤ 574 ᠨᠡᠷᠡᠰ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠬᠤᠷᠢᠶᠠᠨ ᠳᠠᠷᠤᠭ᠎ᠠ ᠳᠤ 《 ᠪᠦᠬᠦ ᠤᠯᠤᠰ ᠤᠨ ᠰᠢᠯᠢᠳᠡᠭ ᠡᠷᠡᠭᠦᠯ ᠬᠠᠮᠠᠭᠠᠯᠠᠯ ᠤᠨ ᠬᠤᠷᠢᠶᠠᠨ ᠳᠠᠷᠤᠭ᠎ᠠ》 ᠶᠢᠨ ᠢᠷᠠᠭᠤ ᠠᠯᠳᠠᠷ ᠢ ᠬᠦᠷᠲᠡᠭᠡᠪᠡ᠃ ᠡᠭᠦᠨ ᠦ ᠳᠤᠲᠤᠷ᠎ᠠ ᠨᠠᠢ᠌ᠮᠠᠨ ᠬᠤᠰᠢᠭᠤᠨ ᠤ ᠪᠠᠢᠢᠰᠢᠩᠲᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠬᠤᠷᠢᠶᠠᠨ ᠳᠠᠷᠤᠭ᠎ᠠ ᠴᠧᠨ ᠸᠧᠨ ᠯᠦᠩ᠂ ᠴᠢᠩ ᠯᠦᠩ ᠱᠠᠨ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠤ ᠬᠤᠷᠢᠶᠠᠨ ᠳᠠᠷᠤᠭ᠎ᠠ ᠸᠧᠢ ᠶᠥᠩ ᠱᠧᠩ ᠲᠤᠰ ᠢᠷᠠᠭᠤ ᠠᠯᠳᠠᠷ ᠢ ᠬᠦᠷᠲᠡᠪᠡ᠃ ᠡᠨᠡ ᠬᠦ ᠢᠷᠠᠭᠤ ᠠᠯᠳᠠᠷ ᠢ ᠬᠦᠷᠲᠡᠭᠰᠡᠨ ᠡᠷᠡᠭᠦᠯ ᠬᠠᠮᠠᠭᠠᠯᠠᠯ ᠤᠨ ᠬᠤᠷᠢᠶᠠᠨ ᠳᠠᠷᠤᠭ᠎ᠠ ᠪᠤᠯ ᠮᠠᠨ ᠤ ᠤᠯᠤᠰ ᠤᠨ ᠦᠷᠭᠡᠨ ᠠᠭᠤᠳᠠᠮ ᠬᠦᠳᠡᠭᠡ ᠲᠤᠰᠬᠤᠨ ᠮᠠᠯᠵᠢᠬᠤ ᠤᠷᠤᠨ ᠤ ᠡᠷᠡᠭᠦᠯ ᠬᠠᠮᠠᠭᠠᠯᠠᠯ ᠤᠨ ᠦᠢᠯᠡᠰ ᠲᠦ ᠬᠦᠴᠦ ᠪᠠᠨ ᠡᠷᠭᠦᠵᠦ ᠪᠠᠢᠭ᠎ᠠ ᠰᠢᠯᠢᠳᠡᠭ ᠬᠤᠷᠢᠶᠠᠨ ᠳᠠᠷᠤᠭ᠎ᠠ ᠶᠢᠨ ᠲᠦᠯᠦᠭᠡᠯᠡᠭᠴᠢ ᠪᠤᠯᠤᠨ᠎ᠠ᠃ ᠲᠡᠳᠡ ᠨᠠᠷ ᠤᠳᠠᠭᠠᠨ ᠵᠢᠯ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠠᠵᠢᠯᠯᠠᠵᠤ᠂ ᠬᠦᠴᠢᠷ ᠵᠣᠪᠠᠭᠤᠷᠢ ᠶᠢ ᠬᠠᠢᠬᠤᠷᠠᠯ ᠦᠭᠡᠢ ᠦᠢᠯᠡᠰ ᠢᠶᠡᠨ ᠳᠡᠭᠡᠳᠦᠯᠡᠵᠦ᠂ ᠢᠳᠡᠪᠬᠢᠲᠡᠢ ᠪᠡᠷ ᠰᠢᠨ᠎ᠡ ᠶᠢ ᠡᠭᠦᠳᠦᠨ᠂ ᠡᠷᠡᠰ ᠵᠤᠷᠢᠭ ᠲᠠᠢ ᠪᠡᠷ ᠦᠭᠡᠷᠡᠴᠢᠯᠡᠯᠲᠡ ᠬᠢᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠦᠢᠯᠡᠰ ᠲᠦ ᠬᠦᠴᠦ ᠪᠠᠨ ᠡᠷᠭᠦᠭᠰᠡᠭᠡᠷ ᠢᠷᠡᠵᠡᠢ᠃

                                      ᠪᠤᠤ ᠵᠢᠨ ᠱᠠᠨ᠂ ᠪᠠᠶᠠᠨᠵᠢᠷᠭᠠᠯ ᠮᠡᠳᠡᠭᠡᠯᠡᠪᠡ᠃
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ