ᠬᠤᠰᠢᠭᠤᠨ ᠤ ᠡᠪᠡᠳᠴᠢᠨ ᠡᠮᠬᠡᠭ ᠢ ᠤᠷᠢᠳᠴᠢᠯᠴᠨ ᠰᠡᠷᠭᠡᠢᠯᠡᠵᠦ ᠡᠵᠡᠮᠳᠡᠬᠦ ᠲᠦᠪ ᠦᠨ ᠬᠢᠨ ᠪᠠᠴᠢᠮ ᠪᠠᠢᠳᠠᠯ ᠢ ᠠᠷᠭᠠᠴᠠᠬᠤ ᠠᠵᠢᠯ ᠢ ᠤᠯᠠᠮ ᠨᠢᠭᠡ ᠠᠯᠬᠤᠮ ᠪᠦᠷᠢᠨᠰᠢᠭᠦᠯᠵᠦ ᠪᠠᠢᠨ᠎ᠠ

ᠣᠩᠰᠢᠭᠰᠠᠨ ᠤᠳᠠᠭ᠎ᠠ ᠄ 6002     ᠨᠡᠶᠢᠳᠡᠯᠡᠭᠰᠡᠨ ᠴᠠᠭ ᠄ 2018/10/4 9:18:31

        ᠬᠤᠰᠢᠭᠤᠨ ᠤ ᠡᠪᠡᠳᠴᠢᠨ ᠡᠮᠬᠡᠭ ᠢ ᠤᠷᠢᠳᠴᠢᠯᠠᠨ ᠰᠡᠷᠭᠡᠢᠯᠡᠵᠦ ᠡᠵᠡᠮᠳᠡᠬᠦ ᠲᠦᠪ ᠦᠨ ᠬᠢᠨ᠂ 《 ᠪᠦᠬᠦ ᠤᠯᠤᠰ ᠤᠨ ᠡᠪᠡᠳᠴᠢᠨ ᠡᠮᠬᠡᠭ ᠢ ᠤᠷᠢᠳᠴᠢᠯᠠᠨ ᠰᠡᠷᠭᠡᠢᠯᠡᠵᠦ ᠡᠵᠡᠮᠳᠡᠬᠦ ᠪᠠᠢᠭᠤᠯᠤᠮᠵᠢ ᠶᠢᠨ ᠡᠷᠡᠭᠦᠯ ᠬᠠᠮᠠᠭᠠᠯᠠᠯ ᠤᠨ ᠪᠠᠴᠢᠮ ᠪᠠᠢᠳᠠᠯ ᠢ ᠠᠷᠭᠠᠴᠠᠬᠤ ᠠᠵᠢᠯ ᠤᠨ ᠳᠦᠷᠢᠮᠵᠢᠯ》 ᠪᠠ 《2018 ᠤᠨ ᠤ ᠡᠷᠡᠭᠦᠯ ᠬᠠᠮᠠᠭᠠᠯᠠᠯ ᠤᠨ ᠪᠠᠴᠢᠮ ᠪᠠᠢᠳᠠᠯ ᠢ ᠠᠷᠭᠠᠴᠠᠬᠤ ᠦᠨᠳᠦᠰᠦᠨ ᠲᠤᠨᠤᠭ ᠲᠦᠬᠦᠭᠡᠷᠦᠮᠵᠢ ᠡᠳ᠋ ᠪᠠᠷᠠᠭ᠎ᠠ ᠶᠢ ᠨᠦᠬᠡᠴᠢᠯᠡᠬᠦ ᠭᠠᠷᠴᠠᠭ》 ᠤᠨ ᠱᠠᠭᠠᠷᠳᠠᠯᠭ᠎ᠠ ᠶᠤᠰᠤᠭᠠᠷ ᠪᠠᠴᠢᠮ ᠪᠠᠢᠳᠠᠯ ᠢ ᠠᠷᠭᠠᠴᠠᠬᠤ ᠲᠦᠰᠦᠪ ᠪᠠ ᠡᠯ᠎ᠡ ᠵᠦᠢᠯ ᠦᠨ ᠬᠠᠮᠢᠶᠠᠷᠬᠤ ᠳᠦᠷᠢᠮ ᠳᠤᠭᠲᠠᠭᠠᠯ ᠢ ᠳᠤᠭᠲᠠᠭᠠᠵᠤ᠂ ᠪᠠᠰᠠ 10 ᠭᠠᠷᠤᠢ ᠲᠦᠮᠡᠨ ᠲᠦᠭᠦᠷᠢᠭ ᠦᠨ ᠬᠠᠮᠠᠭᠠᠯᠠᠬᠤ ᠲᠦᠬᠦᠭᠡᠷᠦᠮᠵᠢ᠂ ᠠᠷᠢᠭᠤᠳᠬᠠᠬᠤ ᠡᠮ᠂ ᠡᠪᠡᠳᠴᠢᠨ ᠤᠨᠤᠰᠢᠯᠠᠬᠤ ᠲᠤᠷᠰᠢᠯᠲᠠ ᠶᠢᠨ ᠡᠮ ᠵᠡᠷᠭᠡ ᠬᠠᠯᠳᠠᠪᠤᠷᠢᠲᠤ ᠡᠪᠡᠳᠴᠢᠨ ᠢ ᠡᠵᠡᠮᠳᠡᠬᠦ ᠪᠠ ᠪᠠᠲᠤᠯᠠᠭ᠎ᠠ ᠶᠢᠨ ᠲᠦᠷᠦᠯ ᠵᠦᠢᠯ ᠦᠨ ᠲᠤᠨᠤᠭ ᠲᠦᠬᠦᠭᠡᠷᠦᠮᠵᠢ ᠡᠳ᠋ ᠪᠠᠷᠠᠭ᠎ᠠ ᠶᠢ ᠨᠦᠬᠦᠪᠦᠷᠢᠯᠡᠨ ᠤᠷᠤᠭᠤᠯᠵᠤ᠂ ᠪᠦᠬᠦ ᠬᠤᠰᠢᠭᠤᠨ ᠤ ᠡᠷᠡᠭᠦᠯ ᠬᠠᠮᠠᠭᠠᠯᠠᠯ ᠤᠨ ᠪᠠᠴᠢᠮ ᠪᠠᠢᠳᠠᠯ ᠢ ᠠᠷᠭᠠᠴᠠᠬᠤ ᠠᠵᠢᠯ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠭᠡᠨᠡᠳᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠢᠳᠠᠯ ᠢ ᠲᠡᠷᠡ ᠳᠠᠷᠤᠢ ᠳᠤ ᠨᠢ ᠡᠵᠡᠮᠳᠡᠵᠦ᠂ ᠦᠷᠭᠡᠨ ᠤᠯᠠᠨ ᠲᠦᠮᠡᠨ ᠦ ᠡᠷᠡᠭᠦᠯ ᠴᠢᠬᠢᠷᠠᠭ ᠢ ᠪᠠᠳᠤᠯᠠᠬᠤ ᠳᠤ ᠪᠠᠲᠤ ᠪᠡᠬᠢ ᠰᠠᠭᠤᠷᠢ ᠲᠠᠯᠪᠢᠭᠰᠠᠨ ᠪᠠᠢᠨ᠎ᠠ᠃

                                        ᠪᠠᠶᠠᠨᠵᠢᠷᠭᠠᠯ
ᠢᠷᠡᠯᠳᠡ᠄ ᠨᠠᠶᠢᠷᠠᠭᠤᠯᠤᠭᠴᠢ᠄ ᠳᠤᠯᠠᠭᠠᠨ