ᠨᠠᠢᠮᠠᠨ ᠬᠤᠰᠢᠭᠤ ᠵᠣᠭᠠᠴᠠᠯ ᠤᠨ ᠣᠷᠣᠨ ᠤ ᠠᠵᠤ ᠤᠶᠢᠯᠡᠰ ᠢ ᠢᠳᠡᠪᠬᠢᠲᠡᠢ ᠠᠣᠨᠬᠤᠨ ᠬᠥᠭᠵᠢᠭᠦᠯᠵᠦ ᠶᠠᠳᠠᠭᠤ ᠡᠴᠠ ᠠᠩᠭᠢᠵᠢᠷᠠᠭᠤᠯᠬᠤ ᠶ᠋ᠢ ᠠᠬᠢᠭᠤᠯᠵᠤ ᠪᠤᠢ

ᠣᠩᠰᠢᠭᠰᠠᠨ ᠤᠳᠠᠭ᠎ᠠ ᠄ 6270     ᠨᠡᠶᠢᠳᠡᠯᠡᠭᠰᠡᠨ ᠴᠠᠭ ᠄ 2018/10/3 16:49:06

      ᠤᠶᠢᠷ᠎ᠠ ᠶ᠋ᠢᠨ ᠵᠢᠯ ᠳ᠋ᠦ ᠂ ᠨᠠᠢᠮᠠᠨ ᠬᠤᠰᠢᠭᠤ ᠵᠣᠭᠠᠴᠠᠯ ᠤᠨ ᠣᠷᠣᠨ ᠤ ᠠᠵᠤ ᠤᠶᠢᠯᠡᠰ ᠢ ᠰᠠᠶᠢᠳᠤᠷ ᠠᠣᠨᠬᠤᠨ ᠢᠳᠡᠪᠬᠢᠲᠡᠢ ᠬᠥᠭᠵᠢᠭᠦᠯᠵᠦ ᠂ ᠵᠡᠷᠭᠡᠯᠡᠳᠡᠭᠡ ᠤᠶᠢᠷ᠎ᠠ ᠬᠠᠪᠢ ᠶ᠋ᠢᠨ ᠮᠠᠯᠴᠢᠨ ᠲᠠᠷᠢᠶᠠᠴᠢᠳ ᠢ ᠳᠠᠶᠢᠴᠢᠯᠠᠨ ᠲᠡᠳᠡᠨᠦᠰ ᠤᠨ ᠶᠠᠳᠠᠭᠤ ᠡᠴᠠ ᠠᠩᠭᠢᠵᠢᠷᠠᠬᠤ ᠠᠬᠢᠴᠠ ᠶ᠋ᠢ ᠲᠥᠷᠭᠡᠦᠨᠬᠡᠵᠦ   ᠪᠤᠢ ᠃ ᠨᠠᠢᠮᠠᠨ ᠬᠤᠰᠢᠭᠤ ᠵᠣᠭᠠᠴᠠᠯ ᠤᠨ ᠵᠢᠵᠢᠭ ᠪᠠᠯᠭᠠᠰᠤ ᠪᠠᠶᠢᠭᠤᠯᠬᠤ ᠂ ᠭᠣᠤᠯᠳᠠᠯᠭ᠎ᠠ ᠲᠠᠢ ᠵᠣᠭᠠᠴᠠᠯ ᠤᠨ ᠲᠣᠰᠬᠤᠨ ᠢ ᠪᠣᠶᠢᠵᠢᠭᠤᠯᠬᠤ ᠪᠣᠯᠣᠨ ᠪᠠᠶᠠᠷ ᠳᠤᠷᠠᠰᠬᠠᠯ ᠢ ᠪᠡᠯᠭᠡᠯᠡᠬᠦ ᠠᠵᠢᠯᠯᠠᠭ᠎ᠠ ᠶ᠋ᠢ ᠡᠷᠬᠢᠯᠡᠬᠦ ᠵᠡᠷᠭᠡ ᠠᠷᠭ᠎ᠠ ᠮᠠᠶᠢᠭ ᠢᠶᠠᠷ ᠳᠠᠮᠵᠢᠨ ᠵᠣᠭᠠᠴᠠᠯ ᠢᠶᠠᠷ ᠶᠠᠳᠠᠭᠤ ᠶ᠋ᠢ ᠳᠡᠦᠨᠬᠦᠬᠦ ᠠᠵᠤ ᠤᠶᠢᠯᠡᠰ ᠢ ᠲᠥᠯᠬᠢᠨ ᠠᠬᠢᠭᠤᠯᠵᠤ ᠪᠤᠢ ᠃ ᠴᠢᠩ  ᠯᠦᠩ ᠱᠠᠨ ᠪᠠᠯᠭᠠᠰᠤ ᠂ ᠭᠣᠷᠪᠠᠨᠬᠤᠸᠠ ᠰᠤᠮᠤ ᠂ ᠰᠢᠷᠠᠬᠣᠭᠤᠯᠠᠢ ᠪᠠᠯᠭᠠᠰᠤ ᠂ ᠪᠠᠶᠠᠨᠲᠠᠯ᠎ᠠ ᠰᠤᠮᠤ ᠵᠡᠷᠭᠡ 4 ᠣᠨᠴᠠᠯᠢᠬᠳᠣ ᠵᠣᠭᠠᠴᠠᠯ ᠤᠨ ᠵᠢᠵᠢᠭ ᠪᠠᠯᠭᠠᠰᠤ ᠶ᠋ᠢ ᠭᠣᠤᠯᠳᠠᠯᠭ᠎ᠠ ᠲᠠᠢ ᠠᠣᠨᠬᠤᠨ ᠪᠠᠶᠢᠭᠤᠯᠵᠤ ᠂ ᠪᠣᠬᠳᠤ ᠭᠠᠴᠠᠭ᠎ᠠ ᠂ ᠮᠸᠩ ᠵᠢᠶᠡ ᠳ᠋ᠤᠸᠠᠨ ᠲᠣᠰᠬᠤᠨ ᠂ ᠰᠣᠪᠤᠷᠭᠠᠨᠲᠠᠯ᠎ᠠ ᠭᠠᠴᠠᠭ᠎ᠠ ᠂ ᠡᠾᠸᠢ ᠢᠦᠢ ᠫᠣᠤᠽᠢ ᠲᠣᠰᠬᠤᠨ ᠂ ᠳᠥᠷᠪᠡᠨ ᠣᠪᠣᠭ᠎ᠠ ᠭᠠᠴᠠᠭ᠎ᠠ ᠂ ᠴᠢᠩ ᠯᠦᠩ ᠱᠠᠨ ᠲᠣᠰᠬᠤᠨ ᠵᠡᠷᠭᠡ ᠨᠢᠭᠡ ᠪᠦᠯᠦᠭ ᠵᠣᠭᠠᠴᠠᠯ ᠤᠨ ᠤᠶᠢᠯᠡᠰ  ᠤᠨ ᠭᠣᠤᠯᠳᠠᠯᠭᠠᠳᠤ ᠶᠠᠳᠠᠭᠤ ᠶ᠋ᠢ ᠳᠡᠦᠨᠬᠦᠬᠦ ᠭᠠᠴᠠᠭ᠎ᠠ ᠲᠣᠰᠬᠤᠨ ᠤ ᠪᠦᠳᠦᠭᠡᠨ ᠪᠠᠶᠢᠭᠤᠯᠤᠯᠲᠠ ᠶ᠋ᠢ ᠴᠢᠩᠭᠠᠣᠨᠬᠠᠵᠤ ᠪᠤᠢ ᠃ ︿ ︿ ᠠᠷᠪᠠᠨ ᠵᠣᠭᠠᠴᠠᠯ ᠤᠨ ᠪᠠᠶᠠᠷ ᠨᠠᠶᠢᠷ ᠢ ᠪᠡᠯᠭᠡᠯᠡᠬᠦ ᠠᠵᠢᠯᠯᠠᠭᠠᠨ ﹀ ﹀  ᠡᠷᠬᠢᠯᠡᠬᠦ ᠶ᠋ᠢ ᠶᠡᠬᠡ ᠬᠦᠴᠦᠨ ᠢᠶ᠋ᠡᠷ ᠳᠡᠮᠵᠢᠵᠦ ᠂ ︿ ︿ ᠦᠵᠡᠮᠵᠢ ᠶ᠋ᠢᠨ ᠣᠷᠣᠨ ᠤ ᠳᠠᠶᠢᠴᠢᠯᠠᠬᠤ ᠬᠡᠯᠪᠡᠷᠢ ᠂ ᠵᠢᠵᠢᠭ ᠪᠠᠯᠭᠠᠰᠤ ᠲᠣᠰᠬᠤᠨ ᠤ ᠬᠡᠯᠪᠡᠷᠢ ᠂ ᠦᠵᠡᠮᠵᠢ ᠶ᠋ᠢᠨ ᠣᠷᠣᠨ + ᠲᠠᠷᠢᠶᠠᠴᠢᠨ ᠡᠷᠦᠬᠡ ᠶ᠋ᠢᠨ ᠬᠡᠯᠪᠡᠷᠢ ᠂ ᠵᠣᠭᠠᠴᠠᠯ ᠤᠨ ᠬᠤᠳᠠᠯᠳᠤᠭ᠎ᠠ ᠶ᠋ᠢᠨ ᠰᠠᠭᠤᠷᠢᠨ + ᠲᠠᠷᠢᠶᠠᠴᠢᠨ ᠡᠷᠦᠬᠡ + ᠠᠵᠢᠯ ᠣᠯᠭᠤᠯᠲᠠ ᠶ᠋ᠢᠨ ᠬᠡᠯᠪᠡᠷᠢ ﹀ ﹀ ᠵᠡᠷᠭᠡ ᠵᠣᠭᠠᠴᠠᠯ ᠢᠶᠠᠷ ᠶᠠᠳᠠᠭᠤ ᠶ᠋ᠢ ᠳᠡᠦᠨᠬᠦᠬᠦ ᠰᠢᠨ᠎ᠡ ᠬᠡᠪ ᠵᠠᠬᠪᠤᠷ ᠢ ᠰᠥᠪᠡᠭᠴᠢᠯᠡᠨ  ᠂ ᠦᠵᠡᠭᠦᠯᠦᠯᠭᠡ ᠶ᠋ᠢᠨ ᠲᠠᠷᠢᠶᠠᠯᠠᠩ ᠂ ᠠᠷᠠᠳ ᠤᠨ ᠵᠠᠩ ᠤᠶᠢᠯᠡ ᠶ᠋ᠢᠨ ᠤᠶᠢᠯᠠᠯᠭ᠎ᠠ ᠂ ᠢᠳᠡᠭᠡᠨ ᠣᠮᠳᠠᠭᠠᠨ ᠤ ᠤᠶᠢᠯᠡᠴᠢᠯᠡᠭᠡ ᠂ ᠭᠠᠷ ᠤᠷᠠᠯᠠᠯ ᠤᠨ ᠤᠶᠢᠯᠡᠦᠨᠬᠡᠯ ᠵᠡᠷᠭᠡ ᠶ᠋ᠢ ᠬᠥᠭᠵᠢᠭᠦᠯᠦᠨ ᠥᠷᠭᠡᠨ ᠣᠯᠠᠨ ᠵᠣᠭᠠᠴᠠᠬᠰᠠᠣᠨ ᠢ ᠳᠠᠳᠠᠨ ᠰᠡᠦᠨᠬᠢᠯ ᠰᠠᠨᠠᠭ᠎ᠠ ᠶ᠋ᠢ ᠨᠢ ᠪᠠᠶᠠᠰᠬᠠᠨ ᠨᠢᠳᠦᠨ ᠬᠠᠷᠠᠭ᠎ᠠ ᠶ᠋ᠢ ᠨᠢ ᠲᠡᠯᠡᠵᠦ ᠬᠡᠷᠡᠭᠴᠡᠭᠡ ᠱᠠᠭᠠᠷᠳᠠᠯᠭ᠎ᠠ ᠶ᠋ᠢ ᠨᠢ ᠬᠠᠩᠬᠠᠨ ᠂ ᠲᠣᠰ ᠣᠷᠣᠨ ᠤ ᠶᠠᠳᠠᠭᠤ ᠬᠦᠴᠢᠷᠲᠡᠢ ᠡᠷᠦᠬᠡ ᠶ᠋ᠢᠨ ᠣᠷᠣᠯᠭ᠎ᠠ ᠶ᠋ᠢ ᠨᠢ ᠨᠡᠮᠡᠭᠳᠡᠭᠦᠯᠦᠨ ᠪᠠᠶᠠᠵᠢᠯ ᠤᠨ ᠵᠠᠮ ᠳ᠋ᠤ ᠬᠥᠳᠦᠯᠦᠨ ᠶᠠᠳᠠᠭᠤ ᠡᠴᠠ ᠠᠩᠭᠢᠵᠢᠷᠠᠬᠤ ᠶ᠋ᠢ ᠠᠬᠢᠭᠤᠯᠵᠤ ᠪᠤᠢ ᠃        
                                                         ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ