ᠪᠠᠶᠢᠰᠢᠩᠲᠤ ᠪᠠᠯᠭᠠᠰᠤ ᠮᠤᠩᠭᠤᠯ ᠬᠠᠣᠨᠬᠤᠮᠠᠯ ᠤᠨ ᠪᠣᠯᠪᠠᠰᠤᠷᠠᠯ ᠤᠨ ᠠᠩᠭᠢ ᠡᠷᠬᠢᠯᠡᠪᠡ

ᠣᠩᠰᠢᠭᠰᠠᠨ ᠤᠳᠠᠭ᠎ᠠ ᠄ 8399     ᠨᠡᠶᠢᠳᠡᠯᠡᠭᠰᠡᠨ ᠴᠠᠭ ᠄ 2018/10/8 10:08:50

      ᠤᠶᠢᠷ᠎ᠠ ᠳ᠋ᠤ ᠂ ᠨᠠᠢᠮᠠᠨ ᠬᠤᠰᠢᠭᠤᠨ ᠤ ᠪᠠᠶᠢᠰᠢᠩᠲᠤ ᠪᠠᠯᠭᠠᠰᠤᠨ ᠤ ᠡᠮᠡᠭᠲᠡᠶᠢᠴᠦᠳ ᠦᠨ ᠬᠣᠯᠪᠤᠭ᠎ᠠ ᠬᠠᠮᠢᠶ᠎ᠠ ᠪᠦᠬᠦᠢ ᠤᠳᠤᠷᠢᠳᠤᠯᠭ᠎ᠠ ᠨᠢᠭᠡᠴᠡ ᠶ᠋ᠢᠨ ᠳᠡᠮᠵᠢᠯᠭᠡ ᠳᠣᠤᠷ᠎ᠠ ᠂ ᠤᠯᠠᠮᠵᠢᠯᠠᠯᠲᠤ ᠮᠤᠩᠭᠤᠯ ᠭᠠᠷ ᠤᠷᠠᠯᠠᠯ ᠬᠠᠣᠨᠬᠤᠮᠠᠯ ᠤᠨ ᠮᠡᠷᠭᠡᠵᠢᠯ ᠦᠨ ᠪᠣᠯᠪᠠᠰᠤᠷᠠᠯ ᠤᠨ ᠠᠩᠭᠢ ᠡᠷᠬᠢᠯᠡᠵᠦ ᠂ ᠪᠣᠯᠪᠠᠰᠤᠷᠠᠯ ᠳ᠋ᠤ ᠡᠯ᠎ᠡ ᠭᠠᠴᠠᠭ᠎ᠠ ᠲᠣᠰᠬᠤᠨ ᠤ ᠮᠤᠩᠭᠤᠯ ᠬᠠᠣᠨᠬᠤᠮᠠᠯ ᠳ᠋ᠤ ᠳᠤᠷ᠎ᠠ ᠪᠠᠬᠠᠲᠠᠢ 100 ᠭᠠᠷᠤᠢ ᠡᠮᠡᠭᠲᠡᠶᠢᠴᠦᠳ ᠣᠷᠤᠯᠴᠠᠵᠠᠢ ᠃ ᠺᠸᠨ ᠡᠦ ᠵᠢᠦᠢ ᠭᠠᠴᠠᠭᠠᠨ ᠳ᠋ᠤ ᠰᠠᠭᠤᠭ᠎ᠠ ᠨᠢᠭᠡᠳᠦᠭᠡᠷ ᠱᠦᠵᠢ ᠂ ᠬᠣᠲᠠ ᠶ᠋ᠢᠨ ᠳᠣᠳᠤᠭᠠᠳᠤ ᠶ᠋ᠢ ᠬᠠᠮᠠᠭᠠᠯᠠᠬᠤ ᠳᠣᠪᠴᠢᠶᠠᠨ ᠤ ᠤᠯᠤᠰ ᠲᠥᠷᠥ ᠶ᠋ᠢᠨ ᠬᠡᠯᠲᠡᠰ ᠦᠨ ᠳᠡᠳ᠋ ᠡᠷᠬᠢᠯᠡᠭᠴᠢ ᠱᠠᠨ ᠬᠤᠸᠠ ᠴᠢ ᠶ᠋ᠢᠨ ᠤᠷᠢᠯᠭ᠎ᠠ ᠪᠠᠷ ᠬᠣᠲᠠ ᠶ᠋ᠢᠨ ᠡᠮᠡᠭᠲᠡᠶᠢᠴᠦᠳ ᠦᠨ ᠭᠠᠷ ᠤᠷᠠᠯᠠᠯ ᠤᠨ ᠵᠢᠯᠤᠭᠤᠳᠤᠬᠴᠢ ᠂ ᠬᠣᠷᠴᠢᠨ ᠰᠣᠶᠣᠯ ᠢ ᠬᠥᠭᠵᠢᠭᠦᠯᠬᠦ ᠬᠢᠵᠠᠭᠠᠷᠲᠤ ᠺᠣᠮᠫᠠᠨᠢ ᠶ᠋ᠢᠨ ᠬᠡᠷᠡᠭ ᠮᠡᠳᠡᠭᠴᠢᠳ ᠦᠨ ᠳᠠᠷᠤᠭ᠎ᠠ ᠂ ᠮᠤᠩᠭᠤᠯ ᠬᠣᠪᠴᠠᠰᠤ ᠵᠠᠰᠠᠯ ᠤᠨ ᠰᠤᠳᠤᠯᠭᠠᠨ ᠤ ᠨᠡᠶᠢᠭᠡᠮᠯᠢᠭ ᠦᠨ ᠳᠠᠷᠤᠭ᠎ᠠ ᠲᠢᠶᠠᠨ ᠰᠡᠴᠡᠩᠭᠤᠸ᠎ᠠ ᠂ ᠭᠠᠷ ᠤᠷᠠᠯᠠᠯ ᠬᠠᠣᠨᠬᠤᠮᠠᠯ ᠤᠨ ᠤᠶᠢᠯᠡᠰ ᠡᠷᠬᠢᠯᠡᠵᠦ ᠪᠦᠬᠦᠢ ᠮᠡᠷᠭᠡᠵᠢᠯᠲᠡᠨ ᠬᠠᠰᠤᠩᠭᠣᠸ᠎ᠠ ᠂ ᠲᠢᠶᠠᠨ ᠭᠥᠢ ᠶᠦᠨ ᠂ ᠯᠢᠦ ᠶᠠᠨ ᠵᠡᠷᠭᠡ ᠪᠠᠭᠰᠢ ᠨᠠᠷ ᠢ ᠳᠠᠭᠠᠭᠤᠯᠤᠨ ᠢᠷᠡᠵᠦ ᠲᠣᠬᠠᠢ ᠶ᠋ᠢᠨ ᠲᠠᠯᠠᠪᠤᠷ ᠲᠤ ᠬᠢᠴᠢᠶᠡᠯ ᠣᠷᠤᠵᠠᠢ ᠃ ᠪᠠᠭᠰᠢ ᠨᠠᠷ ᠤᠨ ᠨᠠᠷᠢᠯᠢᠭ ᠪᠣᠳᠠᠲᠠᠢ ᠲᠠᠶᠢᠯᠤᠮᠵᠢ ᠪᠠᠷ ᠳᠠᠮᠵᠢᠨ ᠂ ᠪᠣᠯᠪᠠᠰᠤᠷᠠᠯ ᠳ᠋ᠤ ᠣᠷᠤᠯᠴᠠᠬᠰᠠᠤᠨ ᠬᠠᠣᠨᠬᠤᠮᠠᠯ ᠤᠨ ᠮᠡᠷᠭᠡᠵᠢᠯ ᠢ ᠦᠨᠳᠦᠰᠦᠨ ᠳ᠋ᠡᠬᠡᠨ ᠡᠵᠡᠮᠰᠢᠵᠦ ᠂ ᠴᠢᠯᠦᠭᠡ ᠴᠠᠭ ᠢᠶᠡᠨ ᠰᠠᠶᠢᠳᠤᠷ ᠠᠰᠢᠬᠯᠠᠨ ᠢᠯᠡᠭᠦᠬᠡᠨ ᠬᠦᠴᠦ ᠣᠷᠤᠭᠤᠯᠤᠨ ᠪᠣᠯᠪᠠᠰᠤᠷᠠᠵᠤ ᠂ ᠮᠤᠩᠭᠤᠯ ᠣᠯᠠᠮᠵᠢᠯᠠᠯᠳᠤ ᠬᠠᠣᠨᠬᠤᠮᠠᠯ ᠤᠨ ᠮᠡᠷᠭᠡᠵᠢᠯ ᠢ ᠵᠠᠯᠭᠠᠮᠵᠢᠯᠠᠨ ᠬᠥᠭᠵᠢᠭᠦᠯᠵᠦ ᠂ ᠶᠠᠳᠠᠭᠤ ᠶ᠋ᠢ ᠳᠡᠦᠨᠬᠦᠬᠦ ᠳ᠋ᠦ ᠬᠦᠴᠦᠨ ᠨᠡᠮᠡᠷᠢᠯᠡᠵᠦ ᠣᠷᠤᠯᠭ᠎ᠠ ᠪᠠᠨ ᠨᠡᠮᠡᠭᠳᠡᠭᠦᠯᠦᠨ ᠪᠠᠶᠠᠵᠢᠯ ᠤᠨ ᠬᠠᠷᠭᠤᠢ ᠳ᠋ᠤ ᠪᠠᠶᠠᠷ ᠪᠠᠶᠠᠰᠤᠩᠭᠤᠢ ᠪᠠᠭᠠᠳᠤᠷᠯᠠᠨ ᠤᠷᠤᠬᠰᠢᠯᠠᠨ᠎ᠠ ᠭᠡᠵᠦ ᠵᠣᠷᠢᠭ ᠢᠶᠡᠨ ᠢᠯᠡᠦᠨᠬᠡᠨ᠎ᠡ ᠃         

                                                               ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ