ᠡᠶᠢᠮᠦ ᠨᠢᠭᠡᠨ ᠲᠣᠰᠬᠤᠨ ᠪᠤᠢ ᠃ ᠡᠳᠥᠷ ᠪᠦᠷᠢ ᠶ᠋ᠢᠨ ᠥᠷᠯᠦᠭᠡ ᠲᠣᠰᠬᠤᠨ ᠤ ᠠᠷᠠᠳ ᠲᠣᠰᠬᠤᠨ ᠤ ᠪᠠᠨ ︿ ︿ ᠰᠢᠨ᠎ᠡ ᠴᠠᠭ ᠦᠶ᠎ᠡ ᠶ᠋ᠢᠨ ᠬᠡᠪ ᠰᠤᠷᠲᠠᠯ ᠢ ᠤᠯᠠᠮᠵᠢᠯᠠᠬᠤ ᠭᠠᠵᠠᠷ ﹀ ﹀ ᠴᠣᠬᠯᠠᠷᠠᠨ ᠂ ᠲᠣᠰᠬᠤᠨ ᠤ ᠨᠠᠮ ᠤᠨ ᠡᠭᠦᠷ ᠦᠨ ᠱᠦᠵᠢ ᠽᠦᠢ ᠴᠢᠶᠠᠩ ᠪᠣᠯᠣᠨ ᠤᠬᠠᠭᠤᠯᠤᠨ ᠲᠠᠶᠢᠯᠪᠤᠷᠢᠯᠠᠬᠴᠢ ᠶ᠋ᠢᠨ ᠶᠠᠳᠠᠭᠤ ᠡᠴᠠ ᠠᠩᠭᠢᠵᠢᠷᠠᠭᠤᠯᠬᠤ ᠲᠥᠷᠥ ᠶ᠋ᠢᠨ ᠪᠣᠳᠤᠯᠭ᠎ᠠ ᠂ ᠦᠨᠳᠦᠰᠦᠲᠡᠨ ᠦ ᠤᠯᠠᠮᠵᠢᠯᠠᠯᠲᠤ ᠰᠣᠶᠣᠯ ᠵᠡᠷᠭᠡ ᠬᠠᠮᠢᠶ᠎ᠠ ᠪᠦᠬᠦᠢ ᠬᠡᠷᠡᠭᠴᠡᠭᠡᠲᠦ ᠤᠴᠢᠷ ᠶᠣᠰᠣ ᠶ᠋ᠢ ᠤᠯᠠᠮᠵᠢᠯᠠᠨ ᠳᠠᠮᠵᠢᠭᠤᠯᠵᠤ ᠤᠬᠠᠭᠤᠯᠭ᠎ᠠ ᠬᠢᠵᠦ ᠪᠤᠢ ᠃ ᠡᠨᠡ ᠪᠣᠯ ᠳᠠᠷᠤᠢ ᠨᠠᠢᠮᠠᠨ ᠬᠤᠰᠢᠭᠤᠨ ᠤ ᠪᠠᠶᠠᠨᠲᠠᠯ᠎ᠠ ᠰᠤᠮᠤ ᠶ᠋ᠢᠨ ᠶᠡᠬᠡᠡᠤᠰᠤ ᠭᠠᠴᠠᠭ᠎ᠠ ᠪᠣᠯᠤᠨ᠎ᠠ ᠃ ᠲᠣᠰᠬᠤᠨ ᠤ ᠨᠠᠮ ᠤᠨ ᠡᠭᠦᠷ ᠦᠨ ᠱᠦᠵᠢ ᠽᠦᠢ ᠴᠢᠶᠠᠩ ᠬᠠᠪᠤᠷ ᠡᠴᠠ ᠨᠠᠰᠢ ᠡᠳᠥᠷ ᠪᠦᠷᠢ ᠨᠤᠲᠤᠭ ᠲᠠᠭᠠᠨ ᠪᠣᠴᠠᠨ ᠢᠷᠡᠵᠦ ᠤᠶᠢᠯᠡᠰ ᠪᠦᠳᠦᠭᠡᠵᠦ ᠪᠠᠶᠢᠭ᠎ᠠ ᠴᠢᠳᠠᠪᠤᠷᠢᠲᠠᠳ ᠢ ᠳᠠᠶᠢᠴᠢᠯᠠᠨ ᠲᠣᠰᠬᠤᠨ ᠤ ︿ ︿ ᠬᠡᠪ ᠰᠤᠷᠲᠠᠯ ᠢ ᠤᠯᠠᠮᠵᠢᠯᠠᠬᠤ ᠭᠠᠵᠠᠷ ﹀ ﹀ ᠢᠷᠡᠵᠦ ᠲᠣᠰᠬᠤᠨ ᠤ ᠠᠷᠠᠳ ᠲᠤ ᠬᠢᠴᠢᠶᠡᠯ ᠣᠷᠤᠵᠤ ᠪᠤᠢ ᠃
ᠶᠡᠬᠡᠡᠤᠰᠤ ᠭᠠᠴᠠᠭᠠᠨ ᠤ ︿ ︿ ᠰᠢᠨ᠎ᠡ ᠴᠠᠭ ᠦᠶ᠎ᠡ ᠶ᠋ᠢᠨ ᠬᠡᠪ ᠰᠤᠷᠲᠠᠯ ᠢ ᠤᠯᠠᠮᠵᠢᠯᠠᠬᠤ ᠭᠠᠵᠠᠷ ﹀ ﹀ ᠨᠢ ᠮᠤᠩᠭᠤᠯ ᠬᠢᠲᠠᠳ ᠬᠣᠶᠠᠷ ᠬᠡᠯᠡ ᠪᠡᠷ ᠬᠢᠴᠢᠶᠡᠯ ᠣᠷᠤᠵᠤ ᠂ ᠨᠠᠮ ᠤᠨ ᠴᠢᠭᠯᠡᠯᠲᠡ ᠪᠣᠳᠤᠯᠭ᠎ᠠ ᠳᠠᠷᠤᠢ ᠶᠠᠳᠠᠭᠤ ᠡᠴᠠ ᠠᠩᠭᠢᠵᠢᠷᠠᠭᠤᠯᠬᠤ ᠠᠷᠠᠳ ᠲᠤ ᠠᠰᠢᠭ ᠲᠤᠰᠠ ᠲᠠᠢ ᠲᠥᠷᠥ ᠶ᠋ᠢᠨ ᠪᠣᠳᠤᠯᠭ᠎ᠠ ᠵᠡᠷᠭᠡ ᠶ᠋ᠢ ᠤᠯᠠᠮᠵᠢᠯᠠᠬᠤ ᠶ᠋ᠢᠨ ᠬᠠᠮᠳᠤ ᠡᠯᠪᠡᠭ ᠪᠠᠶᠠᠯᠢᠭ ᠠᠭᠤᠯᠭ᠎ᠠ ᠪᠦᠬᠦᠢ ᠤᠷᠠᠨ ᠰᠠᠶᠢᠬᠠᠨ ᠤ ᠲᠣᠬᠯᠠᠯᠲᠠ ᠭᠠᠷᠭᠠᠨ ᠤᠬᠠᠭᠤᠯᠭ᠎ᠠ ᠬᠢᠵᠦ ᠣᠯᠠᠨ ᠲᠦᠮᠡᠨ ᠦ ᠤᠶᠤᠨ ᠤᠬᠠᠭᠠᠨ ᠢ ᠨᠢ ᠬᠥᠭᠵᠢᠭᠡᠨ ᠤᠷᠮ᠎ᠠ ᠵᠣᠷᠢᠭ ᠢ ᠨᠢ ᠬᠥᠪᠴᠢᠯᠡᠵᠦ ᠪᠤᠢ ᠃
ᠲᠣᠰᠬᠤᠨ ᠤ ᠠᠷᠠᠳ ᠯᠢᠶᠠᠩ ᠹᠦ᠋ ᠴᠸᠩ ᠄ ︿ ︿ ᠽᠦᠢ ᠱᠦᠵᠢ ᠲᠣᠰᠬᠤᠨ ᠳ᠋ᠤ ᠰᠢᠨ᠎ᠡ ᠴᠠᠭ ᠦᠶ᠎ᠡ ᠶ᠋ᠢᠨ ᠬᠡᠪ ᠰᠤᠷᠲᠠᠯ ᠢ ᠤᠯᠠᠮᠵᠢᠯᠠᠬᠤ ᠭᠠᠵᠠᠷ ᠭᠠᠷᠭᠠᠬᠰᠠᠨ ᠡᠴᠠ ᠨᠠᠰᠢ ᠂ ᠪᠢᠳᠠ ᠪᠦᠬᠦᠨ ᠨᠠᠮ ᠤᠨ ᠲᠡᠷᠡ ᠣᠯᠠᠨ ᠠᠷᠠᠳ ᠢ ᠪᠠᠶᠠᠵᠢᠭᠤᠯᠬᠤ ᠲᠥᠷᠥ ᠶ᠋ᠢᠨ ᠪᠣᠳᠤᠯᠭ᠎ᠠ ᠶ᠋ᠢ ᠴᠠᠭ ᠲᠣᠬᠠᠢ ᠳ᠋ᠦ᠋ᠨᠢ ᠣᠯᠵᠤ ᠮᠡᠳᠡᠬᠦ ᠪᠣᠯᠵᠠᠢ ᠃ ᠮᠦᠨ ᠴᠤ ᠲᠣᠰᠬᠤᠨ ᠳ᠋ᠠᠭᠠᠨ ᠤᠷᠠᠯᠢᠭ ᠤᠨ ᠠᠩᠭᠢ ᠲᠠᠢ ᠪᠣᠯᠵᠤ ᠣᠯᠠᠨ ᠢᠶᠠᠷ ᠢᠶᠡᠨ ᠡᠯ᠎ᠡ ᠵᠦᠢᠯ ᠦᠨ ᠲᠣᠬᠯᠠᠯᠲᠠ ᠰᠣᠨᠢᠷᠬᠠᠨ ᠡᠷᠡᠭᠲᠡᠢ ᠡᠮᠡᠭᠲᠡᠢ ᠬᠥᠭᠰᠢᠨ ᠵᠠᠯᠠᠭᠤ ᠪᠦᠭᠦᠳᠡᠭᠡᠷ ᠪᠠᠶᠠᠵᠢᠨ ᠴᠢᠨᠡᠭᠡᠯᠢᠭᠵᠢᠬᠦ ᠢᠲᠡᠭᠡᠯ ᠵᠣᠷᠢᠭ ᠪᠠᠳᠠᠷᠠᠩᠭᠤᠢ ᠪᠠᠶᠢᠨ᠎ᠠ ﹀ ﹀ ᠭᠡᠵᠦ ᠣᠮᠣᠬᠰᠢᠨ ᠶᠠᠷᠢᠨ᠎ᠠ ᠃
︿ ︿ ᠰᠢᠨ᠎ᠡ ᠴᠠᠭ ᠦᠶ᠎ᠡ ᠶ᠋ᠢᠨ ᠬᠡᠪ ᠰᠤᠷᠲᠠᠯ ᠢ ᠤᠯᠠᠮᠵᠢᠯᠠᠬᠤ ᠭᠠᠵᠠᠷ ﹀ ᠢ ᠰᠠᠶᠢᠳᠤᠷ ᠠᠰᠢᠬᠯᠠᠨ ᠂ ᠨᠡᠶᠢᠭᠡᠮ ᠵᠢᠷᠤᠮ ᠤᠨ ᠭᠣᠤᠯᠯᠠᠬᠴᠢ ᠥᠷᠲᠡᠭ ᠦᠨ ᠦᠵᠡᠯᠲᠡ ᠶ᠋ᠢ ᠲᠣᠰᠬᠤᠨ ᠤ ᠠᠷᠠᠳ ᠤᠨ ᠠᠮᠢᠳᠤᠷᠠᠯ ᠪᠣᠯᠣᠨ ᠵᠣᠷᠢᠭ ᠰᠠᠨᠠᠭ᠎ᠠ ᠲᠠᠢ ᠠᠭᠤᠰᠤᠯᠵᠢᠭᠤᠯᠤᠨ ᠂ ᠬᠠᠷᠢᠯᠴᠠᠨ ᠬᠠᠪᠰᠤᠷᠤᠯᠴᠠᠨ ᠬᠠᠮᠳᠤᠷᠠᠨ ᠪᠦᠯᠭᠦᠮᠳᠡᠵᠦ ᠂ ᠶᠡᠬᠡᠡᠤᠰᠤ ᠭᠠᠴᠠᠭ᠎ᠠ ᠪᠠᠨ ᠨᠡᠩ ᠢᠯᠡᠭᠦᠦ ᠦᠨᠳᠦᠰᠦᠲᠡᠨ ᠦ ᠣᠨᠴᠠᠯᠢᠭ ᠲᠠᠢ ᠂ ᠨᠡᠩ ᠰᠠᠶᠢᠨ ᠡᠶ᠎ᠡ ᠵᠣᠬᠢᠴᠠᠯ ᠲᠠᠢ ᠂ ᠪᠠᠶᠠᠨ ᠴᠢᠨᠡᠭᠡᠯᠢᠭ ᠦᠵᠡᠮᠵᠢᠳᠦ ᠰᠠᠶᠢᠬᠠᠨ ᠭᠠᠴᠠᠭ᠎ᠠ ᠪᠣᠯᠭᠠᠨ ᠪᠦᠳᠦᠭᠡᠨ ᠪᠠᠶᠢᠭᠤᠯᠤᠨ᠎ᠠ ﹀ ﹀ ᠭᠡᠵᠦ ᠽᠦᠢ ᠴᠢᠶᠠᠩ ᠱᠦᠵᠢ ᠠᠨᠳᠠᠭᠠᠢ ᠰᠢᠭ᠋ ᠵᠣᠷᠢᠭ ᠢᠶᠡᠨ ᠢᠯᠡᠦᠨᠬᠡᠨᠡ ᠃
ᠪᠤᠶᠠᠨᠴᠤᠬᠯᠠ
ᠢᠷᠡᠯᠳᠡ᠄
ᠨᠠᠶᠢᠷᠠᠭᠤᠯᠤᠭᠴᠢ᠄
ᠳᠤᠯᠠᠭᠠᠨ