ᠮᠠ ᠳ᠋ᠠ ᠭᠤᠸᠠᠩ ᠪᠣᠯ ᠨᠠᠢᠮᠠᠨ ᠬᠤᠰᠢᠭᠤᠨ ᠤ ᠪᠠᠭᠰᠢ ᠶ᠋ᠢᠨ ᠳᠠᠪᠲᠠᠨ ᠪᠣᠯᠪᠠᠰᠤᠷᠠᠭᠤᠯᠬᠤ ᠰᠤᠷᠭᠠᠭᠤᠯᠢ ᠶ᠋ᠢᠨ ᠳᠡᠳ᠋ ᠵᠠᠬᠢᠷᠤᠯ ᠃ ᠢ ᠯᠦᠩ ᠶᠦᠩ ᠪᠠᠯᠭᠠᠰᠤ ᠶ᠋ᠢᠨ ᠰᠠᠨ ᠡᠾᠸ ᠲᠣᠰᠬᠤᠨ ᠳ᠋ᠤ ᠰᠠᠭᠤᠭ᠎ᠠ ᠨᠢᠭᠡᠳᠦᠭᠡᠷ ᠱᠦᠵᠢ ᠃ ᠰᠤᠷᠭᠠᠨ ᠬᠦᠮᠦᠵᠢᠯ ᠦᠨ ᠡᠮᠦᠨ᠎ᠡ ᠹᠷᠤᠨᠲ ᠲᠤ ᠣᠯᠠᠨ ᠵᠢᠯ ᠬᠠᠲᠠᠭᠤᠵᠢᠯᠲᠠᠢ ᠠᠵᠢᠯᠯᠠᠬᠰᠠᠨ ᠲᠡᠷᠡ ᠪᠡᠷ ᠣᠨᠤᠪᠴᠢᠲᠠᠢ ᠪᠠᠷ ᠶᠠᠳᠠᠭᠤ ᠶ᠋ᠢ ᠳᠡᠦᠨᠬᠦᠨ ᠣᠨᠤᠪᠴᠢᠲᠠᠢ ᠪᠠᠷ ᠶᠠᠳᠠᠭᠤ ᠡᠴᠠ ᠠᠩᠭᠢᠵᠢᠷᠠᠭᠤᠯᠬᠤ ᠰᠢᠪᠳᠤᠯᠤᠯᠲᠠ ᠶ᠋ᠢᠨ ᠳᠠᠶᠢᠯᠠᠯᠳᠤᠭᠠᠨ ᠢ ᠵᠢᠯᠤᠭᠤᠳᠤᠨ ᠳᠠᠭᠠᠭᠤᠯᠬᠤ ᠭᠡᠭᠴᠢ ᠶᠣᠰᠤᠲᠠᠢ ᠨᠢᠭᠡᠨ ᠰᠢᠨ᠎ᠡ ᠡᠬᠢᠯᠡᠯᠲᠡ ᠪᠣᠯᠵᠠᠢ ᠃
ᠲᠡᠷᠡ ᠪᠡᠷ ᠤᠳᠤᠷᠢᠳᠤᠯᠭ᠎ᠠ ᠶ᠋ᠢᠨ ᠵᠢᠭᠠᠪᠤᠷᠢ ᠶ᠋ᠢ ᠡᠷᠡᠰ ᠵᠢᠷᠤᠮᠯᠠᠨ ᠢ ᠯᠦᠩ ᠶᠦᠩ ᠪᠠᠯᠭᠠᠰᠤ ᠶ᠋ᠢᠨ ᠰᠠᠨ ᠡᠾᠸ ᠲᠣᠰᠬᠤᠨ ᠳ᠋ᠤ ᠢᠷᠡᠭᠰᠡᠨ ᠦ ᠳᠠᠷᠠᠭ᠎ᠠ ᠂ ᠡᠷᠦᠬᠡ ᠳᠠᠷᠠᠭᠠᠯᠠᠨ ᠲᠣᠭᠤᠷᠢᠵᠤ ᠦᠨᠳᠦᠰᠦᠨ ᠪᠠᠶᠢᠳᠠᠯ ᠢ ᠤᠶᠢᠯᠠᠭᠠᠨ ᠂ ᠲᠣᠰᠬᠤᠨ ᠤ ᠬᠣᠶᠠᠷ ᠪᠠᠭ ᠤᠨ ᠬᠣᠷᠠᠯ ᠂ ᠨᠠᠮ ᠤᠨ ᠬᠡᠰᠢᠭᠦᠦᠨ ᠤᠨ ᠬᠣᠷᠠᠯ ᠂ ᠲᠣᠰᠬᠤᠨ ᠤ ᠠᠷᠠᠳ ᠤᠨ ᠲᠥᠯᠦᠭᠡᠯᠡᠭᠴᠢ ᠶ᠋ᠢᠨ ᠬᠣᠷᠠᠯ ᠢ ᠲᠣᠰ ᠲᠣᠰ ᠬᠣᠷᠠᠯᠳᠤᠭᠤᠯᠵᠤ ᠣᠯᠠᠨ ᠲᠦᠮᠡᠨ ᠦ ᠰᠠᠨᠠᠯ ᠢ ᠥᠷᠭᠡᠨ ᠢᠶ᠋ᠡᠷ ᠰᠤᠨᠤᠰᠤᠨ ᠂ ᠬᠠᠮᠤᠭ ᠡᠴᠦᠰ ᠲᠦ ᠡᠪᠡᠦᠨᠴᠢᠨ ᠡᠮᠭᠡᠭ ᠲᠠᠢ 7 ᠡᠷᠦᠬᠡ ᠶ᠋ᠢ ᠳᠣᠳᠤᠯᠠᠵᠤ ᠳᠡᠦᠨᠬᠦᠬᠦ ᠬᠠᠷᠠᠯᠲᠠ ᠪᠠᠨ ᠪᠣᠯᠭᠠᠵᠠᠢ ᠃ ᠡᠶᠢᠨᠬᠦ ᠡᠨᠡ ᠵᠢᠯ ᠦᠨ 5 ᠰᠠᠷ᠎ᠠ ᠳ᠋ᠤ ᠶᠠᠭᠤᠨ ᠤ ᠤᠷᠢᠳ ᠶᠠᠳᠠᠭᠤ ᠡᠷᠦᠬᠡ ᠪᠦᠷᠢ ᠳ᠋ᠦ 30 ᠭᠠᠯᠠᠭᠤᠨ ᠴᠣᠷᠪᠠᠭ᠎ᠠ ᠵᠣᠬᠢᠴᠠᠭᠤᠯᠤᠨ ᠥᠭᠴᠦ ᠶᠠᠳᠠᠭᠤ ᠶ᠋ᠢ ᠳᠡᠦᠨᠬᠦᠬᠦ ᠠᠩᠬᠠᠨ ᠤ ᠠᠯᠬᠤᠮ ᠢᠶᠡᠨ ᠡᠬᠢᠯᠡᠭᠦᠯᠵᠡᠢ ᠃ ᠯᠣᠤ ᠮᠠ ᠲᠣᠰᠬᠤᠨ ᠳ᠋ᠤ ᠢᠷᠡᠮᠡᠭᠴᠡ ᠲᠣᠰᠬᠤᠨ ᠤ ᠵᠥᠪᠯᠡᠯ ᠦᠨ ᠭᠡᠷ ᠢ ᠰᠢᠨᠡᠦᠨᠬᠡᠵᠦ ᠬᠤᠭᠤᠯᠠᠨ ᠭᠡᠷ ᠡᠷᠬᠢᠯᠡᠨ ᠬᠢᠨᠠᠨ ᠡᠵᠡᠮᠰᠢᠬᠦ ᠲᠥᠭᠦᠭᠡᠷᠦᠮᠵᠢ ᠤᠬᠰᠠᠷᠠᠨ 20 ᠢᠵᠢ ᠠᠯᠪᠠᠯᠠᠬᠤ ᠰᠢᠷᠡᠭᠡ ᠰᠠᠨᠳᠠᠯᠢ ᠣᠷᠤᠭᠤᠯᠤᠨ ᠥᠭᠴᠡᠢ ᠃ ᠨᠡᠩ ᠳᠤᠷᠠᠳᠤᠭᠤᠰᠢᠲᠠᠢ ᠨᠢ ᠲᠡᠷᠡ ᠬᠠᠮᠳᠤ ᠨᠡᠶᠢᠲᠡ ᠶ᠋ᠢᠨ ᠠᠵᠤ ᠠᠬᠤᠢ ᠶ᠋ᠢ ᠥᠷᠭᠡᠦᠨᠬᠡᠬᠦ ᠂ ᠲᠠᠷᠢᠶᠠᠴᠢᠳ ᠤᠨ ᠣᠷᠤᠯᠭ᠎ᠠ ᠶ᠋ᠢ ᠨᠡᠮᠡᠭᠳᠡᠭᠦᠯᠬᠦ ᠂ ᠰᠠᠭᠤᠷᠢ ᠲᠥᠭᠦᠭᠡᠷᠦᠮᠵᠢ ᠶ᠋ᠢᠨ ᠨᠥᠭᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠰᠠᠨ ᠡᠾᠸ ᠲᠣᠰᠬᠤᠨ ᠤ ᠬᠥᠭᠵᠢᠯᠲᠡ ᠶ᠋ᠢᠨ ᠤᠷᠳᠤ ᠬᠣᠭᠣᠴᠠᠭᠠᠨ ᠤ ᠲᠥᠰᠥᠪ ᠲᠥᠯᠦᠪᠵᠢᠭᠦᠯᠭᠡ ᠶ᠋ᠢ ᠵᠣᠬᠢᠶᠠᠨ ᠥᠭᠴᠦ ᠂ ᠶᠠᠳᠠᠭᠤ ᠶ᠋ᠢ ᠳᠡᠦᠨᠬᠦᠬᠦ ᠠᠵᠢᠯ ᠤᠨ ᠡᠬᠢᠯᠡᠯᠲᠡ ᠪᠣᠯᠭᠠᠨ ᠳᠠᠭᠠᠭᠠᠴᠢᠯᠠᠬᠰᠠᠨ ᠠᠵᠢᠯ ᠡᠭᠦᠷᠭᠡ ᠪᠡᠨ ᠠᠮᠵᠢᠯᠲᠠ ᠲᠠᠢ ᠪᠡᠶᠡᠯᠡᠭᠦᠯᠬᠦ ᠪᠡᠷ ᠥᠷᠯᠦᠭᠡ ᠦᠳᠡᠰᠢ ᠶ᠋ᠢ ᠲᠡᠮᠡᠴᠡᠨ ᠴᠢᠷᠮᠠᠶᠢᠨ ᠠᠵᠢᠯᠯᠠᠵᠤ ᠲᠣᠰᠬᠤᠨ ᠤ ᠠᠷᠠᠳ ᠤᠨ ᠪᠠᠬᠠᠷᠬᠠᠯ ᠢ ᠳᠠᠲᠠᠵᠤ ᠮᠠᠬᠲᠠᠭᠠᠯ ᠢ ᠣᠯᠵᠤ ᠪᠠᠶᠢᠨ᠎ᠠ ᠃
ᠪᠤᠶᠠᠨᠴᠤᠬᠯᠠ
ᠢᠷᠡᠯᠳᠡ᠄
ᠨᠠᠶᠢᠷᠠᠭᠤᠯᠤᠭᠴᠢ᠄
ᠳᠤᠯᠠᠭᠠᠨ