ᠨᠠᠢᠮᠠᠨ ᠬᠤᠰᠢᠭᠤᠨ ᠤ ︿ ︿ ᠡᠯᠡᠰᠦᠨ ᠴᠦᠯ ᠦᠨ ᠤᠰᠤᠨ ᠳᠣᠳᠤᠷᠭ᠎ᠠ ᠶ᠋ᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ﹀ ﹀ ᠤᠯᠤᠰ ᠤᠨ ᠱᠠᠩᠨᠠᠯ ᠬᠦᠷᠲᠡᠪᠡ

ᠣᠩᠰᠢᠭᠰᠠᠨ ᠤᠳᠠᠭ᠎ᠠ ᠄ 32702     ᠨᠡᠶᠢᠳᠡᠯᠡᠭᠰᠡᠨ ᠴᠠᠭ ᠄ 2018/10/15 15:11:00

       ᠨᠠᠢᠮᠠᠨ ᠬᠤᠰᠢᠭᠤᠨ ᠤ ︿ ︿ ᠡᠯᠡᠰᠦᠨ ᠴᠦᠯ ᠦᠨ ᠤᠰᠤᠨ ᠲᠣᠳᠤᠷᠭ᠎ᠠ ᠶ᠋ᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ﹀ ﹀ ᠬᠣᠶᠠᠳᠤᠭᠠᠷ ᠬᠣᠭᠣᠴᠠᠭᠠᠨ ᠤ ᠪᠦᠬᠦ ᠤᠯᠤᠰ ᠤᠨ ᠡᠯᠡᠰᠦᠨ ᠦ ᠠᠵᠤ ᠤᠶᠢᠯᠡᠰ ᠤᠨ ᠰᠢᠨ᠎ᠡ ᠶ᠋ᠢ ᠡᠭᠦᠳᠦᠨ ᠤᠶᠢᠯᠡᠰ ᠪᠣᠰᠬᠠᠬᠤ ᠶᠡᠬᠡ ᠤᠷᠤᠯᠳᠤᠭᠠᠨ ᠳ᠋ᠤ ᠰᠠᠶᠢᠨ ᠬᠢᠷᠢ ᠪᠦᠳᠦᠮᠵᠢ ᠣᠯᠪᠠ ᠃ 10 ᠰᠠᠷ᠎ᠠ ᠶ᠋ᠢᠨ 6-10 ᠦ ᠡᠳᠥᠷ ᠪᠣᠯᠲᠠᠯ᠎ᠠ ᠂ ᠰᠢᠨᠵᠢᠯᠡᠬᠦ ᠤᠬᠠᠭᠠᠨ ᠮᠡᠷᠭᠡᠵᠢᠯ ᠦᠨ ᠶᠠᠮᠤᠨ ᠤ ᠵᠢᠯᠤᠭᠤᠳᠤᠯᠭ᠎ᠠ ᠪᠠᠷ ᠥᠪᠥᠷ ᠮᠤᠩᠭᠤᠯ ᠂ ᠨᠢᠩᠰᠢᠶᠠ ᠂ ᠭᠠᠨᠰᠤ ᠂ ᠰᠢᠨᠵᠢᠶᠠᠩ ᠂ ᠬᠥᠬᠡᠨᠠᠭᠤᠷ ᠂ ᠱᠠᠨᠰᠢ 6 ᠮᠤᠵᠢ ᠣᠷᠣᠨ ᠤ ᠰᠢᠨᠵᠢᠯᠡᠬᠦ ᠮᠡᠷᠭᠡᠵᠢᠯ ᠦᠨ ᠲᠢᠩᠬᠢᠮ ᠪᠣᠯᠣᠨ ᠥᠪᠥᠷ ᠮᠤᠩᠭᠤᠯ ᠤᠨ ᠠᠯᠠᠱᠠ ᠠᠶᠢᠮᠠᠭ ᠤᠨ ᠵᠠᠬᠢᠷᠭ᠎ᠠ ᠬᠠᠮᠳᠤᠷᠠᠨ ᠡᠷᠬᠢᠯᠡᠭᠰᠡᠨ ︿ ︿ ᠰᠢᠨᠵᠢᠯᠡᠭᠡ ᠮᠡᠷᠭᠡᠵᠢᠯ ᠦᠨ ᠰᠢᠨ᠎ᠡ ᠶ᠋ᠢ ᠡᠭᠦᠦᠨᠬᠦ ᠦᠷ᠎ᠡ ᠪᠦᠳᠦᠮᠵᠢᠳᠦ ᠶᠡᠬᠡ ᠤᠶᠢᠯᠡᠰ ﹀ ﹀ ᠬᠡᠮᠡᠬᠦ ᠭᠣᠤᠯ ᠰᠡᠳᠦᠪᠳᠦ ᠬᠣᠶᠠᠳᠤᠭᠠᠷ ᠬᠣᠭᠣᠴᠠᠭᠠᠨ ᠤ ᠪᠦᠬᠦ ᠤᠯᠤᠰ ᠤᠨ ᠡᠯᠡᠰᠦᠨ ᠦ ᠤᠶᠢᠯᠡᠰ ᠤᠨ ᠰᠢᠨ᠎ᠡ ᠶ᠋ᠢ ᠡᠭᠦᠳᠦᠨ ᠤᠶᠢᠯᠡᠰ ᠪᠣᠰᠬᠠᠬᠤ ᠶᠡᠬᠡ ᠤᠷᠤᠯᠳᠤᠭᠠᠨ ᠠᠯᠠᠱᠠ ᠠᠶᠢᠮᠠᠭ ᠲᠤ ᠶᠠᠪᠤᠬᠳᠠᠵᠤ ᠂ ᠲᠥᠩᠯᠢᠶᠣᠤ ᠬᠣᠲᠠ ᠶ᠋ᠢᠨ 3 ᠪᠦᠯᠭᠦᠮ ᠤᠷᠤᠯᠳᠤᠭᠠᠨ ᠳ᠋ᠤ ᠣᠷᠤᠯᠴᠠᠵᠠᠢ ᠃ ᠡᠭᠦᠨ ᠳ᠋ᠦ ᠨᠠᠢᠮᠠᠨ ᠬᠤᠰᠢᠭᠤᠨ ᠳ᠋ᠤ ᠰᠠᠭᠤᠭ᠎ᠠ ᠥᠪᠥᠷ ᠮᠤᠩᠭᠤᠯ ᠤᠨ ᠢ ᠯᠢ ᠰᠢᠨ ᠵᠥᠩ ᠨᠥᠩ ᠡᠯᠡᠰᠦᠨ ᠭᠠᠵᠠᠷ ᠤᠨ ᠲᠠᠷᠢᠶᠠᠯᠠᠩ ᠤᠨ ᠬᠤᠪᠢ ᠣᠷᠤᠭᠤᠯᠤᠬᠰᠠᠨ ᠬᠢᠵᠠᠭᠠᠷᠲᠤ ᠺᠣᠮᠫᠠᠨᠢ ᠶ᠋ᠢᠨ ︿ ︿ ᠡᠯᠡᠰᠦᠨ ᠴᠦᠯ ᠦᠨ ᠤᠰᠤᠨ ᠲᠣᠳᠤᠷᠭ᠎ᠠ ᠶ᠋ᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠲᠥᠷᠥᠯ ᠵᠦᠢᠯ ﹀ ﹀ ᠨᠢ ᠰᠢᠢᠦᠨᠪᠦᠷᠢᠳᠦ ᠤᠷᠤᠯᠳᠤᠭᠠᠨ ᠳ᠋ᠤ ᠣᠷᠤᠯᠴᠠᠨ ᠠᠵᠤ ᠠᠬᠤᠶᠢᠯᠠᠯ ᠤᠨ ᠲᠥᠷᠥᠯ ᠵᠦᠢᠯ ᠦᠨ ᠳᠣᠭᠤᠶᠢᠯᠠᠩ ᠤᠨ ᠬᠣᠶᠠᠳᠤᠭᠠᠷ ᠳᠡᠰ ᠦᠨ ᠱᠠᠩᠨᠠᠯ ᠬᠦᠷᠲᠡᠵᠦ 20 ᠲᠦᠮᠡᠨ ᠲᠥᠭᠦᠷᠢᠭ ᠦᠨ ᠱᠠᠩᠨᠠᠯ ᠤᠨ ᠮᠥᠩᠭᠥ ᠲᠣᠰᠴᠠᠢ ᠃
      ᠲᠣᠰ ᠺᠣᠮᠫᠠᠨᠢ 2014 ᠣᠨ ᠳ᠋ᠤ ᠪᠠᠶᠢᠭᠤᠯᠤᠬᠳᠠᠵᠤ ᠂ ᠡᠯᠡᠰᠦᠷᠬᠡᠭ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠤ ᠲᠥᠰᠢᠭᠯᠡᠨ ᠬᠣᠩ ᠱᠠᠨ ᠮᠡᠭᠡᠵᠢ ᠲᠡᠵᠢᠭᠡᠬᠦ ᠠᠵᠤ ᠤᠶᠢᠯᠡᠰ ᠢᠶᠠᠷ ᠭᠣᠤᠯ ᠪᠣᠯᠭᠠᠨ ᠡᠪᠡᠰᠦᠨ ᠲᠠᠷᠢᠮᠠᠯ ᠂ ᠡᠮ ᠦᠨ ᠮᠠᠲ᠋ᠸᠷᠢᠶᠠᠯ ᠤᠨ ᠲᠠᠷᠢᠮᠠᠯ ᠂ ᠡᠯᠡᠰᠦᠨ ᠲᠤᠳᠤᠷᠭ᠎ᠠ ᠶ᠋ᠢᠨ ᠲᠠᠷᠢᠮᠠᠯ ᠵᠡᠷᠭᠡ ᠠᠮᠢ ᠠᠬᠤᠢ ᠶ᠋ᠢᠨ ᠡᠷᠬᠢᠯᠲᠡ ᠶ᠋ᠢᠨ ᠲᠠᠷᠢᠶᠠᠯᠠᠩ ᠢ ᠬᠥᠭᠵᠢᠭᠦᠯᠦᠨ ᠶᠠᠳᠠᠭᠤ ᠡᠷᠦᠬᠡ ᠶ᠋ᠢ ᠳᠠᠶᠢᠴᠢᠯᠠᠨ ᠣᠷᠣᠨ ᠨᠤᠲᠤᠭ ᠤᠨ ᠠᠵᠤ ᠠᠬᠤᠢ ᠨᠡᠶᠢᠭᠡᠮ ᠦᠨ ᠬᠥᠭᠵᠢᠯᠲᠡ ᠳ᠋ᠦ ᠢᠳᠡᠪᠬᠢᠲᠡᠢ ᠵᠢᠦᠨᠬᠦᠯ ᠦᠵᠡᠭᠦᠯᠵᠦ ᠪᠠᠶᠢᠨ᠎ᠠ ᠃                

                                                            ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ