ᠨᠠᠢᠮᠠᠨ ᠬᠤᠰᠢᠭᠤ ᠳᠠᠩᠰᠠ ᠺᠠᠷᠲ ᠲᠠᠢ ᠶᠠᠳᠠᠭᠤ ᠡᠷᠦᠬᠡ ᠶ᠋ᠢᠨ 1304 ᠬᠦᠮᠦᠨ ᠠᠮᠠ ᠶ᠋ᠢ ᠰᠢᠨ᠎ᠡ ᠪᠠᠭᠤᠴᠠ ᠳ᠋ᠤ ᠨᠡᠭᠦᠯᠭᠡᠪᠡ

ᠣᠩᠰᠢᠭᠰᠠᠨ ᠤᠳᠠᠭ᠎ᠠ ᠄ 32879     ᠨᠡᠶᠢᠳᠡᠯᠡᠭᠰᠡᠨ ᠴᠠᠭ ᠄ 2018/10/15 15:17:17

      ᠡᠨᠡ ᠵᠢᠯ ᠂ ᠨᠠᠢᠮᠠᠨ ᠬᠤᠰᠢᠭᠤ 7824 ᠲᠦᠮᠡᠨ ᠲᠥᠭᠦᠷᠢᠭ ᠦᠨ ᠪᠡᠯᠡ ᠣᠷᠤᠭᠤᠯᠤᠨ ᠬᠣᠩᠬᠣᠷᠲᠠᠯ᠎ᠠ ᠰᠤᠮᠤ ᠂ ᠴᠢᠩ ᠯᠦᠩ ᠱᠠᠨ ᠪᠠᠯᠭᠠᠰᠤ ᠂ ᠯᠢᠦ ᠬᠤᠤ ᠲᠠᠷᠢᠶᠠᠯᠠᠩ ᠤᠨ ᠲᠠᠯᠠᠪᠠᠢ ᠳ᠋ᠤ ᠵᠢᠵᠢᠭ ᠬᠣᠲᠠ ᠪᠠᠯᠭᠠᠰᠤᠨ ᠳ᠋ᠤ ᠲᠥᠪᠯᠡᠷᠡᠩᠭᠦᠢ ᠲᠥᠪᠬᠢᠨᠡᠭᠦᠯᠬᠦ ᠬᠡᠯᠪᠡᠷᠢ ᠪᠡᠷ ᠳᠠᠩᠰᠠ ᠺᠠᠷᠲ ᠲᠠᠢ ᠶᠠᠳᠠᠭᠤ ᠬᠦᠴᠢᠷᠲᠡᠢ ᠡᠷᠦᠬᠡ ᠶ᠋ᠢᠨ 1304 ᠬᠦᠮᠦᠨ ᠢ ᠰᠢᠨ᠎ᠡ ᠪᠠᠭᠤᠴᠠ ᠳ᠋ᠤ ᠨᠡᠭᠦᠯᠭᠡᠨ ᠲᠥᠪᠯᠡᠷᠡᠩᠭᠦᠢ ᠲᠥᠪᠬᠢᠨᠡᠭᠦᠯᠬᠦ  ᠢᠨᠵᠸᠨ᠋ᠸᠷᠢᠩ ᠢ ᠬᠡᠷᠡᠭᠵᠢᠭᠦᠯᠦᠨ 10 ᠰᠠᠷ᠎ᠠ ᠡᠴᠠ ᠡᠬᠢᠯᠡᠨ ᠶᠠᠳᠠᠭᠤ ᠡᠷᠦᠬᠡ ᠰᠢᠨ᠎ᠡ ᠪᠠᠭᠤᠴᠠ ᠳ᠋ᠤ ᠵᠠᠯᠭᠠᠪᠡᠷ ᠨᠡᠭᠦᠨ ᠣᠷᠤᠵᠠᠭᠠᠵᠤ ᠪᠤᠢ ᠃ ᠪᠣᠳᠠᠳᠤ ᠠᠵᠢᠯ ᠤᠨ ᠳᠤᠮᠳᠠ ᠣᠯᠠᠨ ᠵᠦᠢᠯ ᠦᠨ ᠪᠦᠳᠦᠮᠵᠢᠲᠡᠢ ᠠᠷᠭ᠎ᠠ ᠮᠠᠶ᠋ᠢᠭ ᠢ ᠠᠪᠴᠤ ᠨᠡᠭᠦᠯᠭᠡᠨ ᠰᠢᠯᠵᠢᠭᠦᠯᠬᠦ ᠠᠵᠢᠯ ᠢ ᠳᠥᠯᠬᠢᠨ ᠠᠬᠢᠭᠤᠯᠬᠤ ᠶ᠋ᠢᠨ ᠬᠠᠮᠳᠤ ᠨᠡᠭᠦᠳᠡᠯ ᠡᠷᠦᠬᠡ ᠶ᠋ᠢᠨ ᠬᠦᠮᠦᠨ ᠠᠮᠠ ᠪᠦᠷᠢ ᠳ᠋ᠦ 10000 ᠲᠥᠭᠦᠷᠢᠭ ᠦᠨ ᠨᠥᠬᠦᠪᠦᠷᠢ ᠣᠯᠭᠤᠵᠠᠢ ᠃ ᠠᠵᠤ ᠤᠶᠢᠯᠡᠰ ᠢᠶᠠᠷ ᠨᠡᠭᠦᠳᠡᠯ ᠠᠷᠠᠳ ᠢ ᠳᠠᠶᠢᠴᠢᠯᠠᠨ ᠤᠶᠢᠯᠡᠦᠨᠪᠦᠷᠢᠯᠡᠯ ᠢᠶᠠᠷ  ᠠᠳᠠᠯ ᠠᠮᠢᠳᠤᠷᠠᠯ ᠢ ᠨᠢ ᠠᠬᠢᠭᠤᠯᠬᠤ ᠶ᠋ᠢ ᠵᠣᠷᠢᠵᠤ ᠬᠣᠵᠢᠮ ᠤᠨ ᠠᠵᠤ ᠤᠶᠢᠯᠡᠰ ᠤᠨ ᠬᠥᠭᠵᠢᠯᠲᠡ ᠳ᠋ᠦ ᠰᠠᠭᠤᠷᠢ ᠲᠠᠯᠪᠢᠨ 719.5 ᠲᠦᠮᠡᠨ ᠲᠥᠭᠦᠷᠢᠭ ᠦᠨ ᠪᠡᠯᠡ ᠣᠷᠤᠭᠤᠯᠤᠨ ᠰᠠᠭᠤᠷᠢ ᠲᠥᠭᠦᠭᠡᠷᠦᠮᠵᠢ ᠶ᠋ᠢᠨ ᠪᠦᠳᠦᠭᠡᠨ ᠪᠠᠶᠢᠭᠤᠯᠤᠯᠲᠠ ᠶ᠋ᠢ ᠲᠡᠭᠦᠯᠳᠡᠷᠵᠢᠭᠦᠯᠵᠦ ᠣᠨᠴᠠᠯᠢᠬᠳᠣ ᠲᠠᠷᠢᠮᠠᠯ ᠲᠡᠵᠢᠭᠡᠪᠦᠷᠢ ᠶ᠋ᠢᠨ ᠤᠶᠢᠯᠡᠰ ᠢ ᠬᠥᠭᠵᠢᠭᠦᠯᠬᠦ ᠂ ᠨᠡᠶᠢᠭᠡᠮ ᠲᠣᠭᠤᠷᠢᠭ ᠤᠨ ᠠᠵᠢᠯ ᠣᠯᠭᠤᠯᠲᠠ ᠵᠡᠷᠭᠡ ᠳ᠋ᠦ ᠲᠣᠬᠢᠯᠢᠭ ᠲᠥᠭᠦᠮ ᠠᠰᠢᠬᠲᠠᠢ ᠨᠥᠭᠦᠴᠡᠯ ᠪᠣᠯᠤᠯᠴᠠᠭ᠎ᠠ ᠶ᠋ᠢ ᠪᠦᠷᠢᠯᠳᠦᠭᠦᠯᠦᠨ ᠥᠭᠴᠡᠢ ᠃   
                                           
                                                              ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ