ᠨᠠᠢᠮᠠᠨ ᠬᠤᠰᠢᠭᠤ 6252 ᠲᠦᠮᠡᠨ ᠲᠥᠭᠦᠷᠢᠭ ᠦᠨ ᠪᠡᠯᠡ ᠣᠷᠤᠭᠤᠯᠤᠨ ᠣᠨᠴᠠᠯᠢᠬᠳᠣ ᠠᠵᠤ ᠤᠶᠢᠯᠡᠰ ᠢ ᠬᠥᠭᠵᠢᠭᠦᠯᠦᠨ ᠶᠠᠳᠠᠭᠤ ᠶ᠋ᠢ ᠳᠡᠦᠨᠬᠦᠵᠦ ᠪᠤᠢ

ᠣᠩᠰᠢᠭᠰᠠᠨ ᠤᠳᠠᠭ᠎ᠠ ᠄ 6533     ᠨᠡᠶᠢᠳᠡᠯᠡᠭᠰᠡᠨ ᠴᠠᠭ ᠄ 2018/10/16 15:24:07

      ᠨᠠᠢᠮᠠᠨ ᠬᠤᠰᠢᠭᠤ ᠠᠵᠤ ᠤᠶᠢᠯᠡᠰ ᠢ ᠬᠥᠭᠵᠢᠭᠦᠯᠦᠨ ᠶᠠᠳᠠᠭᠤ ᠡᠴᠠ ᠠᠩᠭᠢᠵᠢᠷᠠᠭᠤᠯᠬᠤ ᠶ᠋ᠢ ᠳᠦᠯᠬᠢᠨ ᠠᠬᠢᠭᠤᠯᠵᠤ ᠪᠠᠶᠢᠨ᠎ᠠ ᠃ ᠥᠨᠳᠦᠷ ᠦᠷ᠎ᠡ ᠠᠰᠢᠬᠳᠣ ᠣᠨᠴᠠᠯᠢᠬᠳᠣ ᠠᠵᠤ ᠤᠶᠢᠯᠡᠰ ᠢ ᠶᠡᠬᠡ ᠬᠦᠴᠦᠨ ᠢᠶ᠋ᠡᠷ ᠳᠡᠮᠵᠢᠨ ᠬᠥᠭᠵᠢᠭᠦᠯᠵᠦ ᠂ ᠶᠠᠳᠠᠭᠤ ᠡᠷᠦᠬᠡ ᠶ᠋ᠢᠨ ᠠᠵᠤ ᠤᠶᠢᠯᠡᠰ ᠡᠵᠡᠩᠨᠡᠬᠦ ᠶ᠋ᠢ ᠵᠢᠯᠤᠭᠤᠳᠤᠨ ᠳᠠᠶᠢᠴᠢᠯᠠᠵᠤ ᠂ ᠶᠠᠳᠠᠭᠤ ᠡᠴᠠ ᠠᠩᠭᠢᠵᠢᠷᠠᠬᠤ ᠶ᠋ᠢ ᠪᠡᠶᠡᠯᠡᠭᠦᠯᠵᠦ ᠪᠠᠶᠢᠨ᠎ᠠ ᠃ ᠵᠢᠱᠢᠶᠡᠯᠡᠪᠡᠯ ᠴᠢᠩ ᠯᠦᠩ ᠱᠠᠨ ᠪᠠᠯᠭᠠᠰᠤᠨ ᠤ ᠠᠮᠲᠠᠳᠤ ᠲᠥᠮᠦᠰᠦ ᠶ᠋ᠢᠨ ᠠᠵᠤ ᠤᠶᠢᠯᠡᠰ ᠂ ᠲᠦᠴᠸᠩᠽᠢ ᠰᠢᠶᠠᠩ ᠤᠨ ᠲᠣᠮᠣ ᠬᠠᠪᠲᠠᠭᠠᠢ ᠭᠦᠢᠯᠡᠰᠦᠨ ᠦ ᠠᠵᠤ ᠤᠶᠢᠯᠡᠰ ᠁ ᠵᠡᠷᠭᠡ᠃ ᠵᠣᠭᠠᠴᠠᠯ ᠢᠶᠠᠷ ᠶᠠᠳᠠᠭᠤ ᠶ᠋ᠢ ᠳᠡᠦᠨᠬᠦᠬᠦ ᠠᠵᠤ ᠤᠶᠢᠯᠡᠰ ᠢ ᠢᠳᠡᠪᠬᠢᠲᠡᠢ   ᠬᠥᠭᠵᠢᠭᠦᠯᠦᠨ ᠂ ᠵᠣᠭᠠᠴᠠᠯ ᠤᠨ ᠭᠣᠤᠯᠳᠠᠯᠭᠠᠳᠤ ᠲᠥᠷᠥᠯ ᠵᠦᠢᠯ ᠳ᠋ᠦ ᠲᠥᠰᠢᠭᠯᠡᠨ ᠵᠣᠭᠠᠴᠠᠯ ᠤᠨ ᠵᠢᠵᠢᠭ ᠪᠠᠯᠭᠠᠰᠤ ᠂ ᠭᠣᠤᠯᠳᠠᠯᠭᠠᠳᠤ ᠵᠣᠭᠠᠴᠠᠯ ᠤᠨ ᠲᠣᠰᠬᠤᠨ ᠂ ᠪᠠᠶᠠᠷ ᠳᠤᠷᠠᠰᠬᠠᠯ ᠤᠨ ᠠᠵᠢᠯᠯᠠᠭᠠᠨ ᠵᠡᠷᠭᠡ ᠶ᠋ᠢ ᠠᠰᠢᠬᠯᠠᠨ ᠶᠠᠳᠠᠭᠤ ᠡᠷᠦᠬᠡ ᠶ᠋ᠢᠨ ᠣᠷᠤᠯᠭ᠎ᠠ ᠶ᠋ᠢ ᠨᠡᠮᠡᠭᠳᠡᠭᠦᠯᠵᠦ ᠪᠠᠶᠠᠵᠢᠯ ᠤᠨ ᠵᠠᠮ ᠳ᠋ᠤ ᠬᠥᠳᠦᠯᠵᠦ ᠪᠤᠢ ᠃ ᠵᠢᠱᠢᠶᠡᠯᠡᠪᠡᠯ ᠪᠣᠬᠳᠤ ᠶ᠋ᠢᠨ ᠡᠯᠡᠰᠦᠨ ᠴᠦᠯ ᠦᠨ ᠵᠣᠭᠠᠴᠠᠯ ᠤᠨ ᠠᠵᠤ ᠤᠶᠢᠯᠡᠰ ᠂ ᠮᠸᠩ ᠵᠢᠶᠡ ᠳ᠋ᠤᠸᠠᠨ ᠨᠤᠭᠤ ᠭᠠᠵᠠᠷ ᠤᠨ ᠵᠣᠭᠠᠴᠠᠯ ᠤᠨ ᠠᠵᠤ ᠤᠶᠢᠯᠡᠰ  ᠁ ᠵᠡᠷᠭᠡ ᠃ ᠶᠠᠳᠠᠭᠤ ᠡᠷᠦᠬᠡ ᠪᠣᠯᠣᠨ ᠳᠠᠭᠠᠭᠤᠯᠤᠬᠴᠢ ᠠᠵᠤ ᠠᠬᠤᠶᠢᠯᠠᠯ  ᠬᠣᠯᠪᠤᠭᠠᠯᠠᠬᠤ ᠳᠣᠬᠲᠠᠴᠠ ᠶ᠋ᠢ ᠪᠠᠶᠢᠭᠤᠯᠤᠨ ᠂ ᠠᠵᠤ ᠤᠶᠢᠯᠡᠰ ᠢᠶᠠᠷ ᠶᠠᠳᠠᠭᠤ ᠶ᠋ᠢ ᠳᠡᠦᠨᠬᠦᠬᠦ ᠪᠠ ᠲᠥᠷᠥᠯ ᠵᠦᠢᠯ ᠢᠶ᠋ᠡᠷ ᠳᠠᠶᠢᠴᠢᠯᠠᠬᠤ ᠪᠠᠷ ᠳᠠᠮᠵᠢᠨ ᠂ ᠡᠷᠦᠬᠡ ᠪᠦᠷᠢ ᠳ᠋ᠦ ᠨᠢᠭᠡ ᠲᠥᠷᠥᠯ ᠦᠨ ᠠᠵᠤ ᠤᠶᠢᠯᠡᠰ ᠡᠷᠬᠢᠯᠡᠬᠦ ᠶ᠋ᠢ ᠪᠡᠶᠡᠯᠡᠭᠦᠯᠵᠡᠢ ᠃ ᠵᠢᠱᠢᠶᠡᠯᠡᠪᠡᠯ ᠪᠠᠶᠠᠨᠲᠠᠯ᠎ᠠ ᠰᠤᠮᠤ ᠶ᠋ᠢᠨ ᠮᠸᠩ ᠳ᠋ᠦᠩ ᠠᠵᠢᠷᠭᠠᠨ ᠡᠯᠵᠢᠭᠡ ᠦᠷᠡᠵᠢᠭᠦᠯᠦᠨ ᠪᠣᠶᠢᠵᠢᠭᠤᠯᠬᠤ ᠲᠥᠷᠥᠯ ᠵᠦᠢᠯ  ᠨᠢ ᠲᠣᠬᠠᠢ ᠶ᠋ᠢᠨ ᠭᠠᠵᠠᠷ ᠤᠨ 240 ᠶᠠᠳᠠᠭᠤ ᠡᠷᠦᠬᠡ ᠶ᠋ᠢ ᠪᠦᠬᠦᠨ ᠢ ᠠᠵᠤ ᠠᠬᠤᠶᠢᠯᠠᠯ ᠤᠨ ᠬᠠᠪᠰᠤᠷᠤᠨ ᠳᠡᠦᠨᠬᠦᠬᠦ ᠬᠡᠪᠴᠢᠶᠡᠨ ᠳ᠋ᠦ ᠣᠷᠤᠭᠤᠯᠤᠨ ᠂ ᠨᠠᠶᠢᠳᠠᠨ ᠬᠠᠮᠢᠶᠠᠷᠬᠤ ᠵᠠᠬᠪᠤᠷ ᠢᠶᠠᠷ ᠳᠠᠮᠵᠢᠨ ᠶᠠᠳᠠᠭᠤ ᠡᠷᠦᠬᠡ ᠵᠢᠯ ᠪᠦᠷᠢ ᠠᠰᠢᠭ ᠬᠣᠪᠢᠶᠠᠷᠢᠯᠠᠵᠤ ᠪᠤᠢ ᠃ ᠡᠨᠡ ᠵᠢᠯ ᠂ ᠨᠠᠢᠮᠠᠨ ᠬᠤᠰᠢᠭᠤ ᠠᠵᠤ ᠤᠶᠢᠯᠡᠰ ᠢᠶᠠᠷ ᠶᠠᠳᠠᠭᠤ ᠶ᠋ᠢ ᠳᠡᠦᠨᠬᠦᠬᠦ ᠪᠡᠯᠡ ᠮᠥᠩᠭᠥ ᠶ᠋ᠢ 6252 ᠲᠦᠮᠡᠨ ᠲᠥᠭᠦᠷᠢᠭ  ᠣᠷᠤᠭᠤᠯᠵᠤ ᠂ 4210 ᠡᠷᠦᠬᠡ  ᠂ 11889 ᠬᠦᠮᠦᠨ ᠦ ᠣᠨᠴᠠᠯᠢᠬᠳᠣ ᠠᠵᠤ ᠤᠶᠢᠯᠡᠰ ᠬᠥᠭᠵᠢᠭᠦᠯᠬᠦ ᠶ᠋ᠢ ᠳᠡᠮᠵᠢᠨ ᠳᠡᠦᠨᠬᠦᠪᠡ ᠃                    

                                                             ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ