ᠨᠠᠢᠮᠠᠨ ᠬᠤᠰᠢᠭᠤᠨ ‍ᠤ ᠬᠠᠤᠯᠢ ᠴᠠᠭᠠᠵᠠ ᠶ᠋ᠢᠨ ᠲᠤᠪᠴᠢᠶ᠎ᠠ ᠬᠠᠤᠯᠢ ᠪᠤᠰᠤ ᠪᠡᠷ ᠪᠡᠯᠡ ᠴᠤᠭᠯᠠᠭᠤᠯᠬᠤ ᠵᠢ ᠰᠡᠷᠭᠡᠶᠢᠯᠡᠬᠥ ᠤᠬᠠᠭᠤᠯᠭ᠎ᠠ ᠶ᠋ᠢᠨ ᠠᠵᠢᠯᠯᠠᠭ᠎ᠠ ᠥᠷᠨᠢᠭᠥᠯᠪᠡ

ᠣᠩᠰᠢᠭᠰᠠᠨ ᠤᠳᠠᠭ᠎ᠠ ᠄ 32687     ᠨᠡᠶᠢᠳᠡᠯᠡᠭᠰᠡᠨ ᠴᠠᠭ ᠄ 2018/10/18 10:54:21

      ᠲᠥᠷᠥᠬᠥᠭᠡᠨ ᠂ ᠨᠠᠢᠮᠠᠨ ᠬᠤᠰᠢᠭᠤᠨ ‍ᠤ ᠬᠠᠤᠯᠢ ᠪᠤᠰᠤ ᠪᠡᠷ ᠪᠡᠯᠡ ᠴᠤᠭᠯᠠᠭᠤᠯᠬᠤ ᠵᠢ ᠰᠢᠢᠳᠪᠤᠷᠢᠯᠡᠬᠥ ᠤᠳᠤᠷᠢᠳᠬᠤ ᠲᠤᠭᠤᠶᠢᠯᠠᠩ ‍ᠤᠨ ᠠᠯᠪᠠᠨ ᠬᠡᠷ ‍ᠤᠨ ᠲᠠᠭᠠᠭᠤᠯᠭ᠎ᠠ ᠲᠤᠤᠷ᠎ᠡ ᠂ ᠬᠠᠤᠯᠢ ᠴᠠᠭᠠᠵᠠ ᠂ ᠲᠤᠳᠤᠭᠠᠳᠤ ᠵᠢ ᠬᠠᠮᠠᠭᠠᠯᠠᠬᠤ ᠂ ᠰᠢᠬᠥᠬᠥ ᠬᠤᠷᠢᠶ᠎ᠠ ᠂ ᠤᠷᠤᠨ ᠰᠠᠭᠤᠴᠠ ᠶ᠋ᠢᠨ ᠪᠥᠳᠤᠬᠡᠨ ᠪᠠᠶᠢᠭᠤᠯᠤᠯᠳᠠ ᠂ ᠲᠠᠷᠢᠶᠠᠯᠠᠩ ᠮᠠᠯ ᠠᠵᠤ ᠠᠬᠤᠢ ᠂ ᠰᠤᠷᠭᠠᠨ ᠬᠥᠮᠤᠵᠢᠯ ᠂ ᠠᠷᠠᠳ ‍ᠤᠨ ᠶᠠᠪᠤᠳᠠᠯ ᠂ ᠤᠶᠢᠯᠡᠳᠪᠤᠷᠢ ᠬᠤᠳᠠᠯᠳᠤᠭ᠎ᠠ ᠂ ᠠᠷᠠᠳ ‍ᠤᠨ ᠪᠠᠩᠬᠢ ᠵᠡᠷᠭᠡ ᠠᠷᠪᠠᠨ ᠬᠤᠶᠠᠷ ᠪᠠᠶᠢᠭᠤᠯᠤᠯᠭ᠎ᠠ ᠨᠢᠬᠡᠴᠡ ᠬᠠᠮᠳᠤᠷᠠᠨ ᠬᠠᠤᠯᠢ ᠪᠤᠰᠤ ᠪᠡᠷ ᠪᠡᠯᠡ ᠴᠤᠭᠯᠠᠭᠤᠯᠬᠤ ᠵᠢ ᠰᠢᠢᠳᠪᠤᠷᠢᠯᠡᠬᠥ ᠲᠤᠮᠤ ᠬᠡᠯᠪᠡᠷᠢ ᠶ᠋ᠢᠨ ᠬᠠᠤᠯᠢ ᠲᠥᠬᠡᠮᠡᠯᠵᠢᠬᠥᠯᠬᠥ ᠤᠬᠠᠭᠤᠯᠭ᠎ᠠ ᠶ᠋ᠢᠨ ᠠᠵᠢᠯᠯᠠᠭ᠎ᠠ ᠥᠷᠨᠢᠭᠥᠯᠪᠡ ᠃
     ᠡᠯ᠎ᠡ ᠨᠢᠬᠡᠴᠡ ᠡᠴᠡ ᠢᠷᠡᠭᠰᠡᠨ ᠬᠤᠷᠢᠭᠠᠳ ᠨᠡᠷᠡᠰ ᠬᠠᠤᠯᠢ ᠲᠥᠭᠡᠮᠡᠯᠵᠢᠬᠥᠯᠵᠤ ᠤᠬᠠᠭᠤᠯᠬᠤ ᠰᠠᠶᠢᠨ ᠲᠤᠷᠠᠴᠤᠤᠯ ᠬᠤᠰᠢᠭᠤᠨ ‍ᠤ  ᠠᠶᠠᠨᠴᠢᠳ ‍ᠤᠨ ᠵᠥᠭᠡᠭᠡᠪᠥᠷᠢᠯᠡᠯᠳᠡ ᠶ᠋ᠢᠨ ᠥᠷᠳᠡᠭᠡ ᠶ᠋ᠢᠨ ᠲᠡᠷᠭᠡ ᠬᠥᠯᠢᠶᠡᠬᠥ ᠲᠠᠰᠤᠭ ᠂ ᠵᠡᠭᠡᠯᠢ ᠲᠠᠭᠠᠤ ᠶ᠋ᠢᠨ ᠬᠤᠳᠠᠯᠳᠤᠭ᠎ᠠ ᠲᠡᠯᠭᠡᠭᠥᠷ ᠂ ᠬᠤᠭᠤᠯᠠᠨ ᠭᠡᠷ ᠂ ᠵᠠᠬ᠎ᠠ ᠵᠡᠭᠡᠯᠢ ᠵᠡᠷᠭᠡ ᠬᠥᠮᠤᠨ ᠬᠠᠷ᠎ᠠ ᠤᠯᠠᠨ ᠴᠤᠭᠯᠠᠷᠠᠭᠰᠠᠨ ᠭᠠᠵᠠᠷ ᠢᠶᠠᠷ ᠬᠥᠨᠵᠡᠭᠡᠶᠢᠷᠡᠨ 《 ᠬᠠᠤᠯᠢ ᠪᠤᠰᠤ ᠪᠡᠷ ᠪᠡᠯᠡ ᠴᠤᠭᠯᠠᠭᠤᠯᠬᠤ ᠡᠴᠡ ᠵᠠᠶᠢᠳᠠᠵᠤ ᠂ ᠰᠠᠶᠢᠨ ᠰᠠᠶᠢᠬᠠᠨ ᠠᠮᠢᠳᠤᠷᠠᠯ ᠢᠶᠡᠨ ᠪᠥᠳᠤᠬᠡᠨ ᠪᠠᠶᠢᠭᠤᠯᠤᠶ᠎ᠠ 》 ᠂ 《 ᠬᠠᠤᠯᠢ ᠪᠤᠰᠤ ᠪᠡᠷ ᠪᠡᠯᠠ ᠴᠤᠭᠯᠠᠭᠤᠯᠬᠤ ᠠᠵᠢᠯᠯᠠᠭ᠎ᠠ ᠳ᠋ᠤ ᠴᠤᠬᠢᠯᠳᠠ ᠥᠭᠴᠤ ᠂ ᠡᠶ᠎ᠡ ᠵᠤᠬᠢᠴᠠᠩᠭᠤᠢ ᠨᠡᠶᠢᠭᠡᠮ ‍ᠢ ᠬᠠᠮᠳᠤᠪᠡᠷ ᠪᠥᠳᠤᠬᠡᠨ ᠪᠠᠶᠢᠭᠤᠯᠤᠶ᠎ᠠ 》 ᠬᠡᠬᠥ ᠤᠬᠠᠭᠤᠯᠬᠤ ᠬᠠᠭᠤᠳᠠᠰᠤ ᠪᠡ ᠨᠠᠰᠤᠳᠠᠶᠢᠴᠤᠳ ‍ᠤᠨ ᠮᠡᠭᠡᠯᠡᠯ ᠡᠴᠡ ᠰᠡᠷᠭᠡᠶᠢᠯᠡᠬᠥ ᠤᠬᠠᠭᠤᠯᠭ᠎ᠠ ᠶ᠋ᠢᠨ ᠬᠠᠭᠤᠳᠠᠰᠤ ᠵᠢ 300 ᠬᠤᠪᠢ ᠲᠠᠷᠬᠠᠭᠠᠵᠤ ᠂ 《 ᠬᠠᠤᠯᠢ ᠪᠤᠰᠤ ᠪᠡᠷ ᠪᠡᠯᠠ ᠴᠤᠭᠯᠠᠭᠤᠯᠬᠤ  ᠨᠡᠶᠢᠳᠡᠯᠢᠭ ᠬᠡᠷᠡᠭ ‍ᠤᠨ ᠵᠢᠱᠢᠶ᠎ᠡ ᠶ᠋ᠢᠨ ᠡᠮᠬᠢᠳᠭᠡᠯ 》 ‍ᠢ 1500 ᠲᠡᠪᠳᠡᠷ ᠲᠠᠷᠬᠠᠭᠠᠵᠤ ᠂ ᠨᠠᠰᠤᠳᠠᠶᠢᠴᠤᠳ ᠂ ᠮᠠᠯᠴᠢᠨ ᠲᠠᠷᠢᠶᠠᠴᠢᠨ ᠵᠡᠷᠭᠡ ᠠᠶᠤᠯ ᠲᠥᠭᠰᠢᠭᠥᠷᠢ ᠵᠢ ᠰᠡᠷᠭᠡᠶᠢᠯᠡᠬᠥ ᠤᠬᠠᠮᠰᠡᠷ ᠢᠶᠠᠷ ᠲᠤᠷᠤᠢ ᠂ ᠬᠥᠯᠢᠶᠡᠴᠡᠬᠥ ᠴᠢᠳᠠᠪᠤᠷᠢ ᠪᠠᠭᠤᠷᠠᠢ ᠤᠨᠴᠠᠭᠠᠢ ᠤᠯᠠᠨ ᠲᠥᠮᠡᠨ ᠳ᠋ᠥ ᠲᠥᠬᠥᠮ ᠤᠶᠢᠯᠠᠭᠠᠮᠵᠢᠳᠠᠢ ᠲᠠᠶᠢᠯᠪᠤᠷᠢᠯᠠᠯᠳᠠ ᠬᠢᠵᠤ ᠥᠭᠪᠡ ᠃ ᠡᠨᠡ ᠤᠳᠠᠭ᠎ᠠ ᠶ᠋ᠢᠨ ᠠᠵᠢᠯᠯᠠᠭ᠎ᠠ ᠨᠢ ᠨᠠᠢᠮᠠᠨ ᠬᠤᠰᠢᠭᠤᠨ ᠳ᠋ᠤ ᠬᠠᠤᠯᠢ ᠪᠤᠰᠤ ᠪᠡᠷ ᠪᠡᠯᠡ ᠴᠤᠭᠯᠠᠭᠤᠯᠬᠤ ᠂ ᠴᠠᠬᠢᠯᠭᠠᠨ ᠮᠡᠳᠡᠭᠡ ᠪᠡᠷ ᠮᠡᠭᠡᠯᠡᠯ ᠬᠢᠬᠥ ᠵᠢ ᠰᠡᠷᠭᠡᠶᠢᠯᠡᠬᠥ ᠵᠢ ᠤᠬᠠᠭᠤᠯᠬᠤ ᠬᠠᠯᠠᠭᠤᠨ ᠥᠷᠨᠢᠯᠳᠡ ᠵᠢ ᠪᠤᠢ ᠪᠤᠯᠭᠠᠵᠤ ᠂ ᠤᠯᠠᠨ ᠲᠥᠮᠡᠨ ‍ᠤ ᠤᠬᠠᠮᠰᠡᠷ ᠡᠴᠡ ᠪᠠᠨ ᠬᠠᠤᠯᠢ ᠪᠤᠰᠤ ᠪᠡᠷ ᠪᠡᠯᠡ ᠴᠤᠭᠯᠠᠭᠤᠯᠬᠤ ᠵᠢ ᠰᠡᠷᠭᠡᠶᠢᠯᠡᠨ ᠂ ᠬᠠᠤᠯᠢ ᠪᠤᠰᠤ ᠪᠡᠷ ᠪᠡᠯᠡ ᠴᠤᠭᠯᠠᠭᠤᠯᠬᠤ ᠠᠵᠢᠯᠯᠠᠭ᠎ᠠ ᠡᠴᠡ ᠵᠠᠶᠢᠳᠠᠬᠤ ᠤᠬᠠᠮᠰᠡᠷ ᠪᠤᠯᠤᠨ ᠢᠯᠭᠠᠨ ᠲᠠᠨᠢᠬᠤ ᠴᠢᠳᠠᠪᠤᠷᠢ ᠵᠢ ᠨᠢ ᠲᠡᠭᠡᠭᠰᠢᠯᠡᠬᠥᠯᠥᠭᠰᠡᠨ ᠪᠠᠶᠢᠨ᠎ᠠ ᠃
                                                              ᠪᠤᠤ ᠶᠤᠸᠠᠢ ᠯᠢᠶᠠᠩ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ