ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠡᠷᠡᠵᠢᠯ ᠦᠨ ᠰᠢᠰᠲ᠋ᠧᠮ ᠦᠨ ᠬᠢᠨ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠰᠠᠷ᠎ᠠ ᠶᠢᠨ ᠬᠦᠳᠡᠯᠭᠡᠭᠡᠨ ᠢ ᠰᠠᠢᠲᠤᠷ ᠦᠷᠨᠢᠭᠦᠯᠪᠡ

ᠣᠩᠰᠢᠭᠰᠠᠨ ᠤᠳᠠᠭ᠎ᠠ ᠄ 6441     ᠨᠡᠶᠢᠳᠡᠯᠡᠭᠰᠡᠨ ᠴᠠᠭ ᠄ 2018/10/18 15:02:46

      ᠡᠨᠡ ᠵᠢᠯ ᠦᠨ ᠶᠢᠰᠦᠳᠦᠭᠡᠷ ᠰᠠᠷ᠎ᠠ ᠪᠤᠯ ᠦᠪᠡᠷᠲᠡᠭᠡᠨ ᠵᠠᠰᠠᠬᠤ ᠤᠷᠤᠨ ᠤ ᠭᠤᠴᠢᠨ ᠲᠠᠪᠤᠳᠤᠭᠠᠷ 《 ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠬᠦᠳᠡᠯᠭᠡᠭᠡᠨ ᠦ ᠰᠠᠷ᠎ᠠ》 ᠪᠤᠯᠤᠨ᠎ᠠ᠂ ᠡᠨᠡ ᠬᠦ ᠬᠦᠳᠡᠯᠭᠡᠭᠡᠨ ᠦ ᠰᠠᠷ᠎ᠠ ᠶᠢ ᠲᠤᠬᠢᠶᠠᠯᠳᠠᠭᠤᠯᠤᠨ᠂ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠦᠨ ᠰᠢᠰᠲ᠋ᠧᠮ ᠦᠨ ᠬᠢᠨ᠂ ᠠᠵᠢᠯ ᠤᠨ ᠪᠤᠲᠠᠲᠠᠢ ᠪᠠᠢᠳᠠᠯ  ᠲᠠᠢ ᠪᠠᠨ ᠤᠶᠠᠯᠳᠠᠭᠤᠯᠤᠨ᠂ 《 ᠰᠤᠷᠲᠠᠯᠠᠵᠤ ᠤᠬᠠᠭᠤᠯᠬᠤ ᠶᠢ ᠴᠢᠩᠭᠠᠳᠬᠠᠵᠤ᠂ ᠡᠭᠦᠳᠦᠨ ᠪᠠᠢᠭᠤᠯᠬᠤ ᠶᠢ ᠭᠦᠨᠵᠡᠭᠡᠢᠢᠷᠡᠭᠦᠯᠬᠦ》  ᠰᠡᠳᠦᠪ ᠢᠶᠡᠷ ᠭᠤᠤᠯᠯᠠᠭᠰᠠᠨ ᠦᠨᠳᠦᠰᠦᠲᠡᠨ ᠦ ᠪᠦᠯᠬᠦᠮᠳᠡᠯ ᠦᠨ ᠠᠵᠢᠯ ᠤᠨ ᠤᠷᠴᠢᠨ ᠲᠤᠭᠤᠷᠢᠨ ᠢ ᠰᠢᠯᠢᠳᠡᠭᠵᠢᠭᠦᠯᠵᠦ᠂ ᠡᠷᠬᠡ ᠲᠡᠭᠰᠢ᠂ ᠪᠦᠯᠬᠦᠮᠳᠡᠯ ᠲᠡᠢ᠂ ᠬᠠᠷᠢᠯᠴᠠᠨ ᠬᠠᠪᠰᠤᠷᠤᠯᠴᠠᠨ᠂ ᠡᠶ᠎ᠡ ᠨᠠᠢᠷᠲᠠᠢ  ᠦᠨᠳᠦᠰᠦᠲᠡᠨ ᠦ ᠬᠠᠷᠢᠴᠠᠭ᠎ᠠ ᠶᠢ ᠪᠠᠲᠤᠯᠠᠵᠤ ᠬᠦᠭᠵᠢᠭᠦᠯᠦᠭᠰᠡᠨ ᠪᠠᠢᠨ᠎ᠠ᠃
     ᠵᠤᠬᠢᠶᠠᠨ ᠪᠠᠢᠭᠤᠯᠬᠤ ᠤᠳᠤᠷᠢᠳᠤᠯᠭ᠎ᠠ ᠪᠠᠨ ᠴᠢᠩᠭᠠᠳᠬᠠᠪᠠ᠃ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠳᠠᠯᠠᠵᠤ ᠤᠬᠠᠭᠤᠯᠬᠤ ᠠᠵᠢᠯ ᠢ ᠲᠤᠰᠬᠠᠢ ᠬᠦᠮᠦᠨ ᠢᠶᠡᠷ ᠬᠠᠮᠢᠶᠠᠷᠠᠭᠤᠯᠤᠨ᠂ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠭᠤᠤᠯ ᠬᠦᠭ ᠠᠶᠠᠰ ᠢ ᠶᠡᠬᠡ ᠪᠡᠷ ᠪᠠᠳᠠᠷᠠᠭᠤᠯᠵᠤ᠂ ᠦᠷᠭᠡᠨ ᠤᠯᠠᠨ ᠲᠦᠮᠡᠨ ᠦ ᠲᠤᠮᠳᠠ ᠬᠢᠲᠠᠳ ᠦᠨᠳᠦᠰᠦᠲᠡᠨ ᠴᠦᠬᠡᠨ ᠲᠤᠭᠠᠲᠤ ᠦᠨᠳᠦᠰᠦᠲᠡᠨ ᠡᠴᠡ ᠰᠠᠯᠵᠤ ᠴᠢᠳᠠᠬᠤ ᠦᠭᠡᠢ᠂ ᠴᠦᠬᠡᠨ ᠲᠤᠭᠠᠲᠤ ᠦᠨᠳᠦᠰᠦᠲᠡᠨ ᠬᠢᠲᠠᠳ ᠦᠨᠳᠦᠰᠦᠲᠡᠨ ᠡᠴᠡ  ᠰᠠᠯᠵᠤ ᠴᠢᠲᠠᠬᠤ ᠦᠭᠡᠢ ᠪᠠᠢᠬᠤ ᠦᠵᠡᠯᠲᠡ ᠲᠠᠨᠢᠯᠲᠠ ᠶᠢ ᠪᠤᠢ  ᠪᠤᠯᠭᠠᠬᠤ ᠪᠡᠷ ᠳᠠᠮᠵᠢᠭᠤᠯᠤᠨ᠂ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠲᠦ ᠦᠷᠡᠵᠢᠯ ᠦᠨ ᠰᠢᠰᠲ᠋ᠧᠮ ᠦᠨ ᠠᠵᠢᠯ ᠢ ᠠᠬᠢᠭᠤᠯᠵᠤ᠂  ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ  ᠲᠠᠰᠤᠷᠠᠯᠲᠠ ᠦᠭᠡᠢ ᠭᠦᠨᠵᠡᠭᠡᠢᠢᠷᠡᠭᠦᠯᠪᠡ᠃
    ᠰᠤᠷᠳᠠᠯᠠᠵᠤ ᠤᠬᠠᠭᠤᠯᠬᠤ ᠬᠦᠳᠡᠯᠭᠡᠭᠡᠨ ᠢ ᠦᠷᠨᠢᠭᠦᠯᠪᠠ᠃ 《 ᠨᠠᠢ᠌ᠮᠠᠨ ᠬᠤᠰᠢᠭᠤᠨ ᠤ 2018 ᠤᠨ ᠤ  ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠬᠦᠳᠡᠯᠭᠡᠭᠡᠨ ᠦ ᠰᠠᠷ᠎ᠠ ᠶᠢᠨ ᠬᠡᠷᠡᠭᠵᠢᠭᠦᠯᠬᠦ ᠲᠦᠰᠦᠪ》 ᠵᠡᠷᠭᠡ ᠪᠢᠴᠢᠭ ᠮᠠᠲ᠋ᠧᠷᠢᠶᠠᠯ ᠢ ᠰᠤᠷᠤᠯᠴᠠᠭᠰᠠᠨ ᠤ ᠰᠠᠭᠤᠷᠢᠨ ᠳᠤ᠂ ᠶᠠᠳᠠᠭᠤ ᠶᠢ ᠳᠡᠳᠭᠦᠬᠦ ᠠᠵᠢᠯ ᠲᠠᠢ ᠤᠶᠠᠯᠳᠠᠭᠤᠯᠤᠨ᠂ ᠶᠠᠳᠠᠭᠤ ᠬᠦᠴᠢᠷᠳᠡᠯᠲᠡᠢ ᠮᠤᠩᠭᠤᠯ ᠡᠷᠦᠬᠡ ᠶᠢ ᠳᠡᠮᠵᠢᠬᠦ᠂ ᠮᠤᠩᠭᠤᠯ ᠦᠨᠳᠦᠰᠦᠲᠡᠨ ᠲᠦᠪᠯᠡᠷᠡᠭᠰᠡᠨ ᠭᠠᠴᠠᠭ᠎ᠠ ᠲᠤᠰᠬᠤᠨ ᠳᠤ  ᠮᠤᠩᠭᠤᠯ ᠡᠮᠴᠢ ᠲᠤᠬᠢᠷᠠᠭᠤᠯᠬᠤ  ᠵᠡᠷᠭᠡ ᠠᠷᠭ᠎ᠠ ᠠᠪᠴᠢᠯ ᠢᠶᠠᠷ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢ ᠰᠤᠷᠳᠠᠯᠠᠵᠤ ᠤᠬᠠᠭᠤᠯᠬᠤ ᠶᠢᠨ ᠬᠠᠮᠲᠤ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠲᠠᠭᠤᠷᠢᠶᠠᠯ ᠬᠤᠪᠢ ᠬᠦᠮᠦᠨ ᠪᠤᠶᠤ ᠨᠢᠭᠡᠴᠡ ᠶᠢ ᠪᠤᠢ ᠪᠤᠯᠭᠠᠵᠤ᠂ ᠳᠠᠢᠢᠴᠢᠯᠠᠯᠲᠠ ᠶᠢᠨ ᠦᠢᠯᠡᠳᠦᠯ ᠢ ᠪᠠᠳᠠᠷᠠᠭᠤᠯᠤᠭᠰᠠᠨ ᠪᠠᠢᠢᠨ᠎ᠠ᠃ ᠪᠠᠰᠠ ᠪᠦᠬᠦ ᠰᠢᠰᠲ᠋ᠧᠮ ᠦᠨ ᠲᠤᠳᠤᠷ᠎ᠠ ᠮᠤᠩᠭᠤᠯ ᠬᠢᠲᠠᠳ ᠦᠰᠦᠭ ᠢ ᠬᠠᠤᠯᠢ ᠶᠤᠰᠤᠭᠠᠷ ᠬᠡᠷᠡᠭᠯᠡᠬᠦ ᠶᠢ ᠱᠠᠭᠠᠷᠳᠠᠪᠠ᠃

                                         ᠪᠠᠶᠠᠨᠵᠢᠷᠭᠠᠯ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ