ᠨᠠᠢᠮᠠᠨ ᠬᠤᠰᠢᠭᠤᠨ ᠤ ᠠᠷᠠᠳ ᠤᠨ ᠰᠢᠭᠦᠬᠦ ᠬᠣᠷᠢᠶ᠎ᠠ ᠯᠠᠶᠢᠮᠤᠤᠰ ᠲᠤ ᠴᠣᠬᠢᠯᠲᠠ ᠥᠭᠬᠦ ᠤᠬᠠᠭᠤᠯᠭ᠎ᠠ ᠬᠢᠪᠡ

ᠣᠩᠰᠢᠭᠰᠠᠨ ᠤᠳᠠᠭ᠎ᠠ ᠄ 32379     ᠨᠡᠶᠢᠳᠡᠯᠡᠭᠰᠡᠨ ᠴᠠᠭ ᠄ 2018/10/22 10:42:47

      ᠤᠶᠢᠷ᠎ᠠ ᠳ᠋ᠤ ᠂ ᠨᠠᠢᠮᠠᠨ ᠬᠤᠰᠢᠭᠤᠨ ᠤ ᠠᠷᠠᠳ ᠤᠨ ᠰᠢᠭᠦᠬᠦ ᠬᠣᠷᠢᠶ᠎ᠠ ᠶ᠋ᠢᠨ ᠤᠬᠠᠭᠤᠯᠭ᠎ᠠ ᠶ᠋ᠢᠨ ᠳᠣᠭᠤᠶᠢᠯᠠᠩ ᠬᠦᠮᠦᠨ ᠲᠥᠪᠯᠡᠷᠡᠩᠭᠦᠢ ᠴᠣᠬᠯᠠᠷᠠᠬᠤ ᠴᠡᠴᠡᠷᠯᠢᠭ ᠲᠦ ᠬᠦᠷᠴᠦ ᠂ ᠯᠠᠶᠢᠮᠤᠤᠰ ᠲᠤ ᠴᠢᠭᠯᠡᠭᠦᠯᠦᠭᠰᠡᠨ ᠲᠤᠰᠬᠠᠢ ᠤᠬᠠᠭᠤᠯᠭ᠎ᠠ ᠬᠢᠪᠡ ᠃ ᠠᠵᠢᠯᠯᠠᠭᠠᠨ ᠤ ᠲᠣᠬᠠᠢ ᠶ᠋ᠢᠨ ᠲᠠᠯᠠᠪᠠᠢ ᠳ᠋ᠤ ᠬᠠᠤᠯᠢ ᠬᠡᠷᠡᠭᠵᠢᠭᠦᠯᠦᠭᠴᠢ ᠡᠴᠡ ᠬᠠᠤᠯᠢ ᠶ᠋ᠢᠨ ᠬᠡᠯᠪᠡᠷᠢ ᠂ ᠬᠠᠤᠯᠢ ᠬᠡᠷᠡᠭᠵᠢᠭᠦᠯᠦᠭᠴᠢ ᠺᠠᠳ᠋ᠷ ᠴᠠᠬᠳᠠᠭ᠎ᠠ ᠶ᠋ᠢᠨ ᠠᠵᠢᠯ ᠤᠨ ᠪᠠᠶᠢᠳᠠᠯ ᠵᠡᠷᠭᠡ ᠶ᠋ᠢ ᠣᠯᠠᠨ ᠲᠦᠮᠡᠨ ᠳ᠋ᠦ ᠮᠡᠳᠡᠭᠦᠯᠬᠦ ᠪᠡᠷ ᠳᠠᠮᠵᠢᠨ ᠂ ᠨᠡᠶᠢᠭᠡᠮ ᠦᠨ ᠣᠯᠠᠨ ᠲᠦᠮᠡᠨ ᠳ᠋ᠦ ᠬᠡᠷᠡᠭᠵᠢᠭᠦᠯᠵᠦ ᠥᠯᠥ ᠴᠢᠳᠠᠬᠤ ᠬᠢᠭᠡᠦᠨ ᠬᠡᠷᠡᠭᠵᠢᠭᠦᠯᠬᠦ ᠳ᠋ᠦ ᠬᠦᠴᠢᠷᠲᠡᠢ ᠶ᠋ᠢᠨ ᠢᠯᠭᠠᠭ᠎ᠠ ᠵᠦᠷᠢᠶ᠎ᠡ ᠶ᠋ᠢ ᠲᠣᠳᠤᠷᠬᠠᠢ ᠲᠠᠶᠢᠯᠪᠤᠷᠢᠯᠠᠨ ᠂ ᠲᠣᠬᠠᠢ ᠶ᠋ᠢᠨ ᠲᠠᠯᠠᠪᠤᠷ ᠤᠨ ᠦᠵᠡᠭᠦᠯᠦᠯᠭᠡ ᠶ᠋ᠢᠨ ᠰᠠᠮᠪᠠᠷ᠎ᠠ ᠳ᠋ᠤ ᠨᠠᠢᠮᠠᠨ ᠤ ᠰᠢᠭᠦᠬᠦ ᠬᠣᠷᠢᠶᠠᠨ ᠤ  ᠰᠢᠭᠦᠨ  ᠳᠠᠰᠤᠯᠤᠬᠰᠠᠨ 4 ︿ ︿ ᠬᠡᠷᠡᠭᠵᠢᠭᠦᠯᠬᠦ ᠶ᠋ᠢ ᠡᠰᠡᠷᠭᠦᠴᠡᠭᠰᠡᠨ ᠶᠠᠯᠠᠳᠤ ﹀ ﹀ ᠬᠡᠷᠡᠭ ᠢ ᠨᠡᠶᠢᠲᠡᠯᠡᠵᠦ ᠂ ᠬᠡᠷᠡᠭᠵᠢᠭᠦᠯᠦᠭᠳᠡᠭᠴᠢ ᠶ᠋ᠢᠨ ᠬᠠᠤᠯᠢ ᠶᠣᠰᠤᠭᠠᠷ ᠭᠦᠢᠴᠡᠦᠨᠬᠡᠬᠦ ᠶ᠋ᠢ ᠰᠢᠪᠠᠳᠠᠨ ᠂ ᠰᠢᠭᠦᠯᠲᠡ ᠶ᠋ᠢ ᠬᠦᠯᠢᠶᠡᠨ ᠵᠥᠪᠰᠢᠶᠡᠷᠡᠬᠦ ᠦᠭᠡᠢ ᠡᠰᠡᠷᠭᠦᠴᠡᠬᠦ ᠠᠵᠢᠯᠯᠠᠭ᠎ᠠ ᠳ᠋ᠤ ᠴᠣᠬᠢᠯᠲᠠ ᠥᠭᠬᠦᠨ ᠂ ᠪᠦᠬᠦ ᠲᠠᠯ᠎ᠠ ᠪᠠᠷ ᠯᠠᠶᠢᠮᠤᠤᠰ ᠤᠳ ᠤᠨ ᠣᠷᠤᠰᠢᠨ ᠳᠣᠬᠲᠠᠨᠢᠬᠤ ᠣᠷᠣᠨ ᠵᠠᠢ ᠶ᠋ᠢ  ᠪᠠᠭᠠᠰᠬᠠᠨ ᠴᠡᠪᠡᠷᠯᠡᠬᠦ ᠳ᠋ᠦ ᠢᠳᠡᠪᠬᠢ ᠤᠶᠢᠯᠡᠳᠦᠯ ᠦᠵᠡᠭᠦᠯᠵᠦ ᠨᠡᠯᠢᠶᠡᠳ ᠰᠠᠶᠢᠨ ᠨᠡᠶᠢᠭᠡᠮ ᠦᠨ ᠦᠷ᠎ᠡ ᠠᠰᠢᠭ ᠣᠯᠵᠠᠢ ᠃   

                                                        ᠪᠤᠶᠠᠨᠴᠤᠬᠯᠠ
ᠢᠷᠡᠯᠳᠡ᠄ ᠨᠠᠶᠢᠷᠠᠭᠤᠯᠤᠭᠴᠢ᠄ ᠳᠤᠯᠠᠭᠠᠨ

ᠬᠠᠮᠢᠶ᠎ᠡ ᠪᠦᠬᠦᠢ ᠰᠣᠨᠢᠨ