ᠨᠠᠢᠮᠠᠨ ᠬᠤᠰᠢᠭᠤᠨ  ‍ᠤ ᠭᠤᠷᠪᠠᠳᠠᠬᠢ ᠬᠤᠭᠤᠴᠠᠭᠠᠨ  ‍ᠤ 《 ᠨᠤᠭᠤᠨᠵᠠᠶᠠᠭ᠎ᠠ》 ᠵᠠᠰᠠᠭ ᠤᠨ ᠤᠷᠳᠤᠨ ᠤ ᠰᠤᠶᠤᠯ ᠤᠨ ᠱᠠᠩᠨᠠᠯ ᠤᠨ ᠬᠢᠨᠠᠨ ᠰᠢᠯᠭᠠᠷᠠᠭᠤᠯᠤᠯᠳᠠ ᠶᠠᠪᠤᠭᠳᠠᠯ᠎ᠠ

ᠣᠩᠰᠢᠭᠰᠠᠨ ᠤᠳᠠᠭ᠎ᠠ ᠄ 32669     ᠨᠡᠶᠢᠳᠡᠯᠡᠭᠰᠡᠨ ᠴᠠᠭ ᠄ 2018/10/29 9:28:11


       ᠨᠠᠢᠮᠠᠨ ᠬᠤᠰᠢᠭᠤ ᠰᠤᠶᠤᠯ ᠤᠨ ᠠᠵᠢᠯ ᠢᠶᠡᠨ  ᠤᠯᠠᠮ ᠨᠢᠡ ᠠᠯᠬᠤᠮ ᠨᠠᠩ ᠳᠦᠷᠭᠡᠨ ᠬᠦᠭᠵᠢᠬᠦᠯᠬᠦ ᠶ᠋ᠢ ᠳᠦᠯᠬᠢᠨ ᠠᠬᠢᠭᠤᠯᠬᠤ ᠶ᠋ᠢᠨ ᠳᠦᠯᠦᠭᠡ ᠂ 3 ᠵᠢᠯ ᠪᠦᠷᠢ ᠳ᠋ᠦ ᠨᠢᠭᠡ ᠬᠤᠭᠤᠴᠠᠭ᠎ᠠ《 ᠨᠤᠭᠤᠨᠵᠠᠶᠠᠭ᠎ᠠ》 ᠵᠠᠰᠠᠭ ᠤᠨ ᠤᠷᠳᠤᠨ ᠤ ᠰᠤᠶᠤᠯ ᠤᠨ ᠱᠠᠩᠨᠠᠯ ᠢ ᠵᠤᠬᠢᠶᠠᠨ ᠪᠠᠶᠢᠭᠤᠯᠵᠦ ᠶᠠᠪᠤᠭᠳᠠᠭᠤᠯᠳᠠᠭ ᠃  ᠳᠤᠰ ᠱᠠᠩᠨᠠᠯ  ᠨᠢ ᠳᠤᠰ ᠵᠠᠰᠠᠭ ᠤᠨ ᠤᠷᠳᠤᠨ ᠤ ᠱᠠᠩᠨᠠᠯ ᠪᠠᠶᠢᠵᠦ ᠂  ᠤᠳᠬ᠎ᠠ ᠤᠷᠠᠯᠢᠭ ᠤᠨ ᠡᠬᠦᠳᠤᠨ ᠪᠦᠳᠦᠭᠡᠯᠳᠡ ᠂ ᠰᠤᠶᠤᠯ ᠤᠨ ᠤᠯᠠᠮᠵᠢᠯᠠᠯ ᠂ ᠳᠡᠤᠭᠡ ᠶ᠋ᠢᠨ ᠳᠤᠷᠠᠰᠬᠠᠯᠳᠤ ᠵᠦᠢᠯᠡᠰ  ᠤᠨ ᠬᠠᠮᠠᠭᠠᠯᠠᠯ ᠂ ᠰᠤᠶᠤᠯ ᠤᠨ ᠦᠢᠯᠡᠴᠢᠯᠡᠯᠭᠡ ᠵᠡᠷᠭᠡ ᠬᠦᠷᠢᠶ᠎ᠠ ᠴᠠᠷ᠎ᠠ ᠳ᠋ᠤ ᠳᠤᠪᠤᠶᠢᠮ᠎ᠠ ᠠᠮᠵᠢᠯᠳᠠ ᠤᠯᠤᠭᠰᠠᠨ ᠪᠠ ᠬᠤᠪᠢ ᠨᠠᠮᠠᠷᠢ ᠦᠵᠡᠬᠦᠯᠦᠭᠰᠡᠨ ᠬᠠᠮᠳᠤ ᠨᠢᠭᠡᠴᠡ ᠪᠠ ᠬᠤᠪᠢ ᠬᠦᠮᠦᠨ ᠢ ᠬᠢᠨᠠᠨ ᠰᠢᠯᠭᠠᠷᠠᠭᠤᠯᠵᠦ  ᠱᠠᠩᠨᠠᠨ ᠬᠦᠬᠢᠬᠦᠯᠳᠡᠭ ᠃
      ᠬᠡᠳᠤᠨ ᠰᠠᠷ᠎ᠠ  ᠭᠠᠷᠤᠢ ᠶ᠋ᠢᠨ ᠪᠠᠯᠡᠳᠭᠡᠯ ᠠᠵᠢᠯ ᠢ ᠦᠩᠬᠡᠷᠡᠭᠡᠭᠡᠳ ᠂  ᠳᠤᠰ ᠬᠤᠰᠢᠭᠤᠨ ᠤ ᠭᠤᠷᠪᠠᠳᠠᠬᠢ ᠬᠤᠭᠤᠴᠠᠭᠠᠨ ᠤ《 ᠨᠤᠭᠤᠨᠵᠠᠶᠠᠭ᠎ᠠ》 ᠵᠠᠰᠠᠭ ᠤᠨ ᠤᠷᠳᠤᠨ ᠤ ᠰᠤᠶᠤᠯ ᠤᠨ ᠱᠠᠩᠨᠠᠯ ᠬᠢᠨᠠᠨ ᠰᠢᠯᠭᠠᠷᠠᠭᠤᠯᠤᠯᠳᠠ ᠪᠠᠨ ᠠᠮᠵᠢᠯᠳᠠ ᠲᠠᠢ ᠶᠠᠪᠤᠭᠳᠠᠭᠤᠯᠤᠯ᠎ᠠ ᠃ ᠳᠤᠰ ᠬᠤᠭᠤᠴᠠᠭᠠᠨ ᠤ ᠰᠤᠶᠤᠯ ᠤᠨ ᠱᠠᠩᠨᠠᠯ ᠳ᠋ᠤ 11 ᠬᠦᠮᠦᠨ ᠨᠠᠰᠤᠨ ᠳᠤᠷᠰᠢ ᠠᠮᠵᠢᠯᠳᠠ ᠪᠦᠳᠦᠭᠡᠯ ᠭᠠᠷᠭᠠᠭᠰᠠᠳ ‍ᠦᠨ ᠱᠠᠩᠨᠠᠯ ᠂ 11 ᠬᠦᠮᠦᠨ ᠤᠳᠬ᠎ᠠ ᠤᠷᠠᠯᠢᠭ ᠤᠨ ᠡᠬᠦᠳᠤᠨ ᠪᠦᠳᠦᠭᠡᠯᠳᠡ ᠶ᠋ᠢᠨᠱᠠᠩᠨᠠᠯ ᠂ 6 ᠬᠦᠮᠦᠨ ᠤᠳᠬ᠎ᠠ ᠤᠷᠠᠯᠢᠭ ᠤᠨ ᠰᠢᠨ᠎ᠡ ᠬᠦᠮᠦᠨ ᠦ ᠱᠠᠩᠨᠠᠯ ᠂ 37 ᠬᠦᠮᠦᠨ ᠴᠤᠯᠠ ᠳᠠᠭᠤᠳᠠᠭᠤᠯᠤᠭᠰᠠᠨ ᠱᠠᠩᠨᠠᠯ ᠂ 21 ᠪᠠᠶᠢᠭᠤᠯᠭ᠎ᠠ ᠤᠷᠤᠭᠰᠢᠯᠠᠭᠰᠠᠨ ᠨᠢᠭᠡᠴᠡ ᠪᠠᠷ ᠳᠤᠳᠤᠷᠠᠭᠰᠠᠨ ᠪᠠᠶᠢᠨ᠎ᠠ ᠃  (  ᠪᠤᠤ ᠵᠢᠨ ᠯᠢᠶᠠᠨ )
ᠢᠷᠡᠯᠳᠡ᠄ ᠨᠠᠶᠢᠷᠠᠭᠤᠯᠤᠭᠴᠢ᠄ ᠪᠤᠤ ᠵᠢᠨ ᠯᠢᠶᠠᠨ

ᠬᠠᠮᠢᠶ᠎ᠡ ᠪᠦᠬᠦᠢ ᠰᠣᠨᠢᠨ